ᠢᠨᠳᠡᠷ ᠲᠠᠬᠢ ᠬᠤᠶᠠᠳᠤᠭᠠᠷ ᠪᠠᠭ᠎ᠠ ᠰᠤᠷᠭᠠᠭᠤᠯᠢ ᠤᠯᠤᠰ ᠤᠨ ᠨᠢᠬᠡᠳᠦᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠢ ᠰᠠᠶᠢᠳᠦᠷ ᠭᠡᠷᠡᠭᠯᠡᠵᠤ ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠢ ᠤᠯᠠᠮᠵᠢᠯᠠᠵᠦ ᠪᠤᠢ
ᠨᠡᠶᠢᠲᠡᠯᠡᠭᠰᠡᠨ ᠴᠠᠭ᠄
2023/9/11
     ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠠᠴᠠ ᠨᠠᠭᠠᠰᠢ᠂ ᠵᠠᠯᠠᠶᠢᠳ ᠬᠤᠰᠢᠭᠤᠨ ᠤ ᠢᠨᠳᠡᠷ ᠲᠠᠬᠢ ᠬᠤᠶᠠᠳᠤᠭᠠᠷ ᠪᠠᠭ᠎ᠠ ᠰᠤᠷᠭᠠᠭᠤᠯᠢ ᠪᠠᠭᠰᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠵᠤ᠂ ᠵᠢᠭᠠᠨ ᠰᠤᠷᠭᠠᠯᠳᠠ ᠶᠢᠨ ᠡᠬᠢ ᠪᠠᠶᠠᠯᠢᠭ ᠢᠶᠠᠨ ᠪᠠᠶᠠᠯᠢᠬᠵᠢᠭᠤᠯᠤᠨ᠂ ᠵᠢᠭᠠᠨ ᠰᠤᠷᠭᠠᠯᠳᠠ ᠶᠢᠨ ᠶᠠᠰᠤ ᠴᠢᠨᠠᠷ ᠢ ᠲᠡᠭᠡᠭᠰᠢᠯᠡᠬᠦᠯᠵᠦ᠂ ᠰᠤᠷᠤᠬᠴᠢᠳ ᠤᠨ ᠤᠯᠤᠰ ᠤᠨ ᠨᠢᠭᠡᠳᠤᠯᠳᠠᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ ᠢ ᠰᠠᠶᠢᠳᠤᠷ ᠰᠤᠷᠤᠯᠴᠠᠨ ᠬᠡᠷᠡᠭᠯᠡᠬᠦ ᠶᠢ ᠠᠬᠢᠭᠤᠯᠵᠦ᠂ ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠢ ᠤᠯᠠᠮᠵᠢᠯᠠᠵᠦ ᠪᠠᠶᠢᠨ᠎ᠠ᠃    ᠢᠨᠳᠡᠷ ᠲᠠᠬᠢ ᠬᠤᠶᠠᠳᠤᠭᠠᠷ ᠪᠠᠭ᠎ᠠ ᠰᠤᠷᠭᠠᠭᠤᠯᠢ ᠶᠢᠨ ᠲᠦᠷᠪᠡᠳᠦᠭᠡᠷ ᠤᠨ ᠤ ᠬᠡᠯᠡ ᠪᠢᠴᠢᠭ ᠤᠨ ᠬᠢᠴᠢᠶᠡᠯ ᠲᠡᠭᠡᠷ᠎ᠡ᠂ ᠪᠠᠭᠰᠢ ᠠᠴᠠ PPT ᠬᠢᠴᠢᠶᠡᠯ ᠤᠨ ᠫᠷᠤᠭ᠍ᠷᠠᠮ ᠢᠶᠠᠷ ᠰᠤᠷᠤᠬᠴᠢᠳ ᠲᠤ ᠰᠢᠨ᠎ᠠ ᠰᠤᠷᠤᠯᠭ᠎ᠠ ᠶᠢᠨ ᠬᠤᠭᠤᠴᠠᠭᠠᠨ ᠤ ᠬᠡᠯᠡ ᠪᠢᠴᠢᠭ ᠤᠨ ᠬᠢᠴᠢᠶᠡᠯ ᠤᠨ ᠠᠭᠤᠯᠭ᠎ᠠ ᠶᠢ ᠵᠢᠭᠠᠵᠦ᠂ ᠰᠤᠷᠤᠬᠴᠢᠳ ᠦᠪᠡᠷ ᠦᠪᠡᠷ ᠤᠨ ᠴᠡᠭᠡᠵᠢᠯᠡᠭᠰᠡᠨ ᠡᠷᠳᠡᠨ ᠤ ᠰᠢᠯᠦᠭ ᠢᠶᠠᠨ ᠢᠳᠡᠪᠬᠢᠳᠡᠢ ᠤᠡᠭᠰᠢᠵᠦ ᠪᠠᠶᠢᠯ᠎ᠠ᠃ᠢᠨᠳᠡᠷ ᠲᠠᠬᠢ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠤᠬᠴᠢ ᠪᠤᠤ ᠯᠢᠩ ᠰᠢ᠄ ︽ᠬᠡᠯᠡ ᠪᠢᠴᠢᠭ ᠰᠤᠷᠤᠯᠴᠠᠬᠤ ᠪᠠᠷ ᠲᠠᠮᠵᠢᠨ᠂ ᠪᠢ ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠢ ᠨᠡᠩ ᠰᠠᠶᠢᠳᠤᠷ ᠤᠶᠢᠯᠠᠭᠠᠵᠦ ᠂ ᠤᠯᠠᠮᠵᠢᠯᠠᠯᠳᠤ ᠪᠠᠶᠠᠷ ᠲᠤᠷᠠᠰᠬᠠᠯ ᠤᠨ ᠡᠳᠦᠷ᠂ ᠤᠯᠠᠮᠵᠢᠯᠠᠯᠳᠤ ᠢᠳᠡᠬᠡᠨ ᠢ ᠤᠶᠢᠯᠠᠭᠠᠬᠰᠠᠨ ᠪᠦᠭᠡᠳ ᠪᠠᠰᠠ ᠡᠷᠳᠡᠨ ᠤ  ᠰᠢᠯᠦᠭ  ᠢ ᠤᠯᠠᠨ ᠴᠡᠬᠡᠵᠢᠯᠡᠵᠦ᠂ ᠬᠡᠯᠡ ᠪᠢᠴᠢᠭ ᠤᠨ ᠬᠢᠴᠢᠶᠡᠯ ᠤᠷᠤᠬᠤ ᠨᠡᠩ ᠪᠠᠬ᠎ᠠ ᠲᠠᠢ ᠪᠤᠯᠪᠠ︾ ᠬᠡᠵᠦ ᠶᠠᠷᠢᠵᠦ ᠪᠠᠶᠢᠯ᠎ᠠ᠃    ᠤᠯᠤᠰ ᠤᠨ ᠨᠢᠬᠡᠳᠦᠯᠳᠡᠢ ᠨᠠᠶᠢᠷᠠᠭᠤᠯᠤᠬᠰᠠᠨ ᠬᠡᠯᠡ ᠪᠢᠴᠢᠭ ᠤᠨ ᠮᠠᠲ᠋ᠧᠷᠢᠶᠠᠯ ᠨᠢ ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠢ ᠤᠯᠠᠮᠵᠢᠯᠠᠬᠤ ᠴᠢᠬᠤᠯᠠ ᠠᠴᠢᠶᠠᠯᠠᠪᠦᠷᠶᠢ ᠪᠤᠯᠤᠬᠰᠠᠨ ᠤ ᠬᠤᠪᠢ ᠳᠤ ᠡᠯᠪᠡᠭ ᠪᠠᠶᠠᠯᠢᠭ ᠤᠯᠠᠨ ᠶᠠᠩᠵᠦ ᠶᠢᠨ ᠪᠤᠳᠠᠰ ᠤᠨ ᠰᠤᠶᠤᠯ᠂ ᠤᠶᠤᠨ ᠤ ᠰᠤᠶᠤᠯ ᠪᠠ ᠦᠢᠯᠡ ᠠᠵᠢᠯᠯᠠᠭ᠎ᠠ ᠶᠢᠨ ᠰᠤᠶᠤᠯ ᠤᠨ ᠠᠭᠤᠯᠭ᠎ᠠ ᠶᠢ ᠪᠠᠭᠳᠠᠭᠠᠵᠦ ᠪᠠᠶᠢᠳᠠᠭ᠃ ᠢᠨᠳᠡᠷ ᠲᠠᠬᠢ ᠬᠤᠶᠠᠳᠤᠭᠠᠷ ᠪᠠᠭ᠎ᠠ ᠰᠤᠷᠭᠠᠭᠤᠯᠢ ᠤᠯᠤᠰ ᠤᠨ ᠨᠢᠬᠡᠳᠦᠯᠳᠡᠢ ᠨᠠᠶᠢᠷᠠᠭᠤᠯᠤᠬᠰᠠᠨ ᠵᠢᠭᠠᠬᠤ ᠮᠠᠲ᠋ᠧᠷᠢᠶᠠᠯ  ᠢᠶᠠᠷ ᠠᠴᠢᠶᠠᠯᠠᠪᠦᠷᠢ ᠪᠤᠯᠭᠠᠵᠦ᠂ ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠢ ᠰᠤᠷᠤᠬᠴᠢᠳ ᠤᠨ ᠰᠤᠷᠤᠯᠭ᠎ᠠ ᠠᠮᠢᠳᠦᠷᠠᠯ ᠤᠨ ᠲᠤᠮᠳᠠ ᠠᠭᠤᠰᠤᠯᠴᠠᠭᠤᠯᠵᠦ᠂ ᠰᠤᠷᠤᠬᠴᠢᠳ ᠤᠨ ᠬᠡᠪ ᠴᠢᠨᠠᠷ ᠢ ᠲᠡᠭᠡᠭᠰᠢᠯᠡᠬᠦᠯᠵᠦ᠂ ᠰᠤᠶᠤᠯ ᠤᠨ ᠢᠳᠡᠬᠡᠯ ᠢ ᠨᠡᠮᠡᠭᠳᠡᠬᠦᠯᠵᠦ᠂ ᠤᠯᠤᠰ ᠤᠷᠤᠨ ᠢᠶᠠᠨ ᠬᠠᠶᠢᠷᠠᠯᠠᠬᠤ ᠰᠡᠳᠬᠢᠯᠬᠡ ᠶᠢ ᠨᠢ ᠬᠦᠪᠴᠢᠯᠡᠪᠡ᠃                      
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号