ᠦ᠋ ᠵᠢᠶᠠ ᠬᠣ᠋ ᠭᠤᠣᠯ ᠰᠤᠷᠭᠠᠭᠤᠯᠢ ᠵᠢᠭᠠᠨ ᠰᠤᠷᠭᠠᠯᠲᠠ ᠶᠢᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/21
     ᠪᠠᠭᠰᠢ ᠶᠢᠨ ᠰᠤᠳᠤᠯᠤᠨ ᠰᠤᠷᠤᠯᠴᠠᠬᠤ ᠠᠵᠢᠯᠯᠠᠭ᠎ᠠ ᠶᠢᠨ ᠣᠷᠣᠨ ᠵᠠᠢ ᠶᠢ ᠥᠷᠭᠡᠳᠬᠡᠵᠦ᠂ ᠰᠤᠷᠭᠠᠭᠤᠯᠢ ᠶᠢᠨ ᠬᠤᠭᠤᠷᠣᠨᠳᠣᠬᠢ ᠵᠢᠭᠠᠨ ᠰᠤᠷᠭᠠᠯᠲᠠ ᠶᠢᠨ ᠰᠣᠯᠢᠯᠴᠠᠭ᠎ᠠ ᠶᠢ ᠴᠢᠩᠭᠠᠳᠬᠠᠨ᠂ ᠪᠠᠭᠰᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠢᠷᠢ ᠲᠦᠪᠰᠢᠨ ᠤ ᠶᠠᠰᠤ ᠴᠢᠨᠠᠷ ᠢ ᠳᠡᠭᠡᠭᠰᠢᠯᠡᠭᠦᠯᠬᠦ ᠬᠠᠷᠠᠯᠲᠠ ᠶᠢ ᠬᠠᠮᠲᠤ ᠪᠠᠷ ᠪᠡᠶᠡᠯᠡᠭᠦᠯᠬᠦ ᠶᠢᠨ ᠲᠥᠯᠥᠭᠡ᠂ 9 ᠰᠠᠷ᠎ᠠ ᠶᠢᠨ 20 ᠤ ᠡᠳᠦᠷ᠂ ᠵᠠᠯᠠᠶᠢᠳ ᠬᠤᠰᠢᠭᠤᠨ ᠤ ᠢᠨᠳᠡᠷ ᠪᠠᠯᠭᠠᠰᠣᠨ ᠤ ᠦ᠋ ᠵᠢᠶᠠ ᠬᠣ᠋ ᠭᠤᠣᠯ ᠰᠤᠷᠭᠠᠭᠤᠯᠢ᠂ ᠣᠳᠠᠴᠢ ᠪᠠᠭ᠎ᠠ ᠰᠤᠷᠭᠠᠭᠤᠯᠢ᠂ ᠬᠤᠯᠪᠤᠭ᠎ᠠ ᠭᠤᠣᠯ ᠰᠤᠷᠭᠠᠭᠤᠯᠢ ᠲᠠᠢ ᠬᠠᠮᠲᠤᠷᠠᠨ ᠵᠢᠭᠠᠨ ᠰᠤᠳᠤᠯᠬᠤ ᠠᠵᠢᠯᠯᠠᠭ᠎ᠠ ᠶᠢ ᠬᠠᠮᠲᠤ ᠪᠠᠷ ᠥᠷᠨᠢᠭᠦᠯᠪᠡ᠃     ᠲᠤᠰ ᠠᠵᠢᠯᠯᠠᠭ᠎ᠠ ᠶᠢ ᠦ᠋ ᠵᠢᠶᠠ ᠬᠣ᠋ ᠭᠤᠣᠯ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠳᠡᠳ᠋ ᠵᠠᠬᠢᠷᠤᠯ ᠪᠦᠦ ᠸᠧᠨ ᠴᠢᠤᠸᠠᠨ ᠡᠷᠬᠢᠯᠡᠪᠡ᠃ ᠣᠳᠣᠭᠠᠴᠢ ᠭᠤᠤᠯ ᠰᠤᠷᠭᠠᠭᠤᠯᠢ ᠶᠢᠨ  ᠵᠠᠬᠢᠷᠤᠯ ᠶᠠᠨ ᡁᠢ ᠶᠢᠨ ᠪᠣᠯᠣᠨ ᠬᠤᠯᠪᠤᠭ᠎ᠠ ᠭᠤᠤᠯ ᠰᠤᠷᠭᠠᠭᠤᠯᠢ ᠶᠢᠨ ᠠᠩᠭ᠍ᠯᠢ ᠬᠡᠯᠡᠨ ᠤ ᠪᠠᠭᠰᠢ ᠵᠡᠷᠭᠡ ᠬᠤᠷᠢ ᠭᠠᠷᠤᠢ ᠪᠠᠭᠰᠢ ᠲᠣᠰ ᠤᠳᠠᠭᠠᠨ ᠤ ᠰᠤᠷᠭᠠᠭᠤᠯᠢ ᠶᠢᠨ ᠬᠤᠭᠤᠷᠣᠨᠳᠣᠬᠢ ᠵᠢᠭᠠᠨ ᠰᠤᠷᠭᠠᠯᠲᠠ ᠶᠢᠨ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠵᠠᠢ᠃      ᠲᠣᠰ ᠠᠵᠢᠯᠯᠠᠭ᠎ᠠ ᠪᠠᠷ ᠭᠤᠷᠪᠠᠨ ᠰᠤᠷᠭᠠᠭᠤᠯᠢ ᠶᠢᠨ ᠪᠠᠭᠰᠢ ᠨᠠᠷ ᠲᠤ ᠬᠠᠷᠢᠯᠴᠠᠨ ᠶᠠᠷᠢᠯᠴᠠᠬᠤ ᠲᠠᠪᠴᠠᠩ ᠬᠠᠩᠭᠠᠬᠤ ᠶᠢᠨ ᠬᠠᠮᠳᠣ ᠰᠤᠷᠭᠠᠭᠤᠯᠢ ᠨᠤᠭᠤᠳ ᠤᠨ ᠨᠥᠬᠦᠷᠯᠡᠯ ᠶᠢ ᠴᠢᠩᠭᠠᠳᠬᠠᠵᠤ᠂ ᠬᠢᠴᠢᠶᠡᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ ᠪᠠᠭᠰᠢ ᠶᠢᠨ ᠵᠢᠭᠠᠨ ᠰᠤᠷᠭᠠᠯᠳᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠰᠠᠭᠤᠷᠢ ᠲᠠᠯᠪᠢᠭᠰᠠᠨ ᠪᠠᠶᠢᠨ᠎ᠠ᠃
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号