ᠮᠠᠨ ᠤ ᠬᠤᠰᠢᠭᠤᠨ ᠤ ᠰᠤᠷᠭᠠᠨ ᠬᠦᠮᠦᠵᠢᠯ ᠤᠨ ᠰᠢᠰᠲ᠋ᠧᠮ ᠤᠨ ᠬᠢᠨ ᠵᠠᠯᠠᠭᠤᠴᠤᠳ ᠪᠠᠭᠠᠴᠤᠳ ᠢ ᠵᠤᠬᠢᠶᠠᠨ ᠪᠠᠶᠢᠭᠤᠯᠤᠨ ᠪᠡᠬᠡᠵᠢᠩ ᠬᠤᠳᠠᠨ ᠳᠤ ᠬᠦᠷᠴᠦ ᠰᠤᠳᠤᠯᠤᠨ ᠰᠤᠷᠤᠯᠴᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2023/9/22
     ᠤᠶᠢᠷ᠎ᠠ ᠳᠤ᠂ ᠵᠠᠯᠠᠶᠢᠳ ᠬᠤᠰᠢᠭᠤᠨ ᠤ ᠰᠤᠷᠭᠠᠨ ᠬᠦᠮᠦᠵᠢᠯ ᠤᠨ ᠰᠢᠰᠲ᠋ᠧᠮ ᠡᠯ᠎ᠡ ᠦᠨᠳᠦᠰᠦᠳᠡᠨ ᠤ ᠵᠠᠯᠠᠭᠤᠴᠤᠳ ᠪᠠᠭᠠᠴᠤᠳ ᠢ ᠵᠤᠬᠢᠶᠠᠨ ᠪᠠᠶᠢᠭᠤᠯᠤᠨ ᠪᠡᠬᠡᠵᠢᠩ ᠬᠤᠳᠠᠨ ᠳᠤ ᠬᠦᠷᠴᠦ᠂ ︽ᠬᠢᠨᠭ᠍ᠭᠠᠨ ᠲᠠᠪᠠᠭᠠᠨ ᠳᠡᠭᠡᠷ᠎ᠠ ᠠᠨᠠᠷ ᠤᠯᠠᠶᠢᠨ᠎ᠠ︾ ᠭᠡᠬᠦ ᠰᠤᠳᠤᠯᠤᠨ ᠰᠤᠷᠤᠯᠴᠠᠬᠤ ᠠᠵᠢᠯᠯᠠᠭ᠎ᠠ ᠦᠷᠨᠢᠬᠦᠯᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠷ᠎ᠡ ᠶᠢ ᠵᠠᠯᠠᠭᠤᠴᠤᠳ ᠪᠠᠭᠠᠴᠤᠳ ᠤᠨ ᠰᠡᠳᠬᠢᠯ ᠳᠤ ᠦᠨᠳᠦᠰᠦᠯᠡᠬᠦᠯᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦᠵᠢᠭᠤᠯᠵᠠᠢ᠃     ᠲᠤᠰ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠨᠢ 5 ᠡᠳᠦᠷ ᠤᠨ ᠬᠤᠭᠤᠴᠠᠭ᠎ᠠ ᠲᠠᠢ ᠶᠠᠪᠤᠬᠳᠠᠵᠦ᠂ ᠡᠯ᠎ᠡ ᠦᠨᠳᠦᠰᠦᠳᠡᠨ ᠤ ᠨᠡᠶᠢᠳᠡ 41 ᠨᠡᠷᠡᠰ ᠵᠠᠯᠠᠭᠤ ᠪᠠᠭᠠᠴᠤᠳ ᠤᠷᠤᠯᠴᠠᠵᠠᠢ᠃ ᠠᠵᠢᠯᠯᠠᠭ᠎ᠠ ᠶᠢᠨ ᠲᠤᠬᠢᠷᠠᠭᠤᠯᠤᠯᠳᠠ ᠪᠠᠷ᠂ ᠰᠤᠳᠤᠯᠤᠨ ᠰᠤᠷᠤᠯᠴᠠᠬᠤ ᠪᠦᠯᠬᠦᠮ ᠨᠢ ᠤᠷᠢᠳ ᠬᠤᠵᠢᠳ ᠲᠢᠶᠠᠨ ᠠᠨ ᠮᠧᠨ ᠠᠭᠤᠳᠠᠮ ᠲᠠᠯᠠᠪᠠᠢ᠂ ᠬᠠᠭᠠᠨ ᠤ ᠤᠷᠳᠤᠨ᠂ ᠲᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠬᠦᠴᠡᠭᠰᠡᠨ ᠲᠠᠶᠢᠨ ᠤ ᠲᠤᠷᠠᠰᠬᠠᠯ ᠤᠨ ᠤᠷᠳᠤᠨ ᠵᠡᠷᠭᠡ ᠲᠡᠤᠬᠡ ᠰᠤᠶᠤᠯ ᠤᠨ ᠨᠡᠷᠡᠳᠤ ᠦᠯᠡᠳᠡᠭᠳᠡᠯ᠂ ᠤᠯᠤᠰ ᠢᠶᠠᠨ ᠬᠠᠶᠢᠷᠠᠯᠠᠬᠤ ᠪᠠ ᠬᠤᠪᠢᠰᠬᠠᠯᠳᠤ ᠲᠡᠤᠬᠡ ᠶᠢᠨ ᠬᠦᠮᠦᠵᠢᠯ ᠤᠨ ᠰᠠᠭᠤᠷᠢᠨ ᠭᠠᠵᠠᠷ ᠢᠶᠠᠷ ᠲᠤᠭᠤᠷᠢᠨ ᠰᠤᠷᠤᠯᠴᠠᠵᠠᠢ᠃ ᠡᠬᠦᠨ ᠤ ᠬᠠᠮᠳᠤ᠂ ᠪᠠᠰᠠ ᠹᠧᠩ ᠲᠠᠢ ᠲᠤᠭᠤᠷᠢᠭ ᠤᠨ ︽ᠭᠠᠷ ᠭᠠᠷ ᠢᠶᠠᠨ ᠬᠤᠯᠪᠤᠯᠴᠠᠬᠤ︾ ᠲᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠬᠴᠢᠳ ᠤᠨ ᠰᠤᠯᠢᠯᠴᠠᠭᠠᠨ ᠤ ᠠᠵᠢᠯᠯᠠᠭ᠎ᠠ ᠦᠷᠨᠢᠬᠦᠯᠵᠦ᠂ ᠰᠤᠷᠭᠠᠭᠤᠯᠢ ᠶᠢ ᠲᠤᠭᠤᠷᠢᠨ ᠦᠵᠡᠵᠦ᠂ ᠲᠡᠨᠳᠡᠬᠢ ᠰᠤᠷᠤᠬᠴᠢᠳ ᠲᠠᠢ ᠬᠠᠮᠳᠤ ᠬᠢᠴᠢᠶᠡᠯᠯᠡᠵᠦ᠂ ᠬᠠᠮᠳᠤᠪᠡᠷ ᠤᠯᠤᠰ ᠤᠨ ᠲᠤᠭ ᠮᠠᠨᠳᠤᠭᠤᠯᠬᠤ ᠵᠡᠷᠭᠡ ᠰᠤᠯᠢᠯᠴᠠᠭᠠᠨ ᠤ ᠠᠵᠢᠯᠯᠠᠭ᠎ᠠ ᠦᠷᠨᠢᠬᠦᠯᠤᠭ᠍ᠰᠡᠨ ᠪᠠᠶᠢᠨ᠎ᠠ᠃      ᠲᠤᠰ ᠤᠳᠠᠭᠠᠨ ᠤ ᠠᠵᠢᠯᠯᠠᠭ᠎ᠠ ᠨᠢ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠦ ᠴᠤᠬᠴᠠᠯᠠᠬᠤ ᠪᠠᠷ ᠭᠤᠤᠯ ᠰᠢᠵᠢᠮ ᠪᠤᠯᠭᠠᠵᠦ᠂ ᠰᠤᠳᠤᠯᠤᠨ ᠰᠤᠷᠤᠯᠴᠠᠬᠤ ᠬᠡᠯᠪᠡᠷᠢ ᠪᠠᠷ ᠵᠠᠯᠠᠶᠢᠳ ᠬᠤᠰᠢᠭᠤᠨ ᠤ ᠡᠯ᠎ᠡ ᠦᠨᠳᠦᠰᠦᠳᠡᠨ ᠤ ᠵᠠᠯᠠᠭᠤᠴᠤᠳ ᠪᠠᠭᠠᠴᠤᠳ ᠲᠤ ᠲᠤᠮᠳᠠᠳᠤ ᠶᠢᠨ ᠰᠤᠶᠤᠯ ᠤᠨ ᠷᠢᠳᠢ ᠰᠢᠳᠢ ᠶᠢ ᠮᠡᠳᠡᠬᠦᠯᠵᠦ᠂ ᠵᠠᠯᠠᠭᠤᠴᠤᠳ ᠪᠠᠭᠠᠴᠤᠳ ᠤᠨ ᠵᠦᠪ ᠤᠨᠤᠴᠠᠳᠠᠢ ᠶᠢᠷᠳᠢᠨᠴᠣ ᠶᠢᠨ ᠦᠵᠡᠯᠳᠡ ᠲᠠᠢ ᠪᠤᠯᠬᠤ ᠶᠢ ᠠᠬᠢᠭᠤᠯᠵᠠᠢ᠃                                   ︵ᠴᠡᠯᠮᠡᠭ       ᠸᠠᠩ ᠲᠢᠶᠠᠨ ᠷᠦ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号