ᠪᠤᠯᠭᠠᠨᠬᠤᠸᠠ ᠭᠤᠤᠯ ᠰᠤᠷᠭᠠᠭᠤᠯᠢ ᠶᠢᠨ ᠠᠷᠠᠳ ᠤᠨ ᠪᠠᠭᠰᠢ ᠶᠢᠨ ᠨᠠᠷᠠᠨ ᠬᠢᠯᠪᠠᠭᠠᠳᠥ ᠥᠢᠯᠡᠰ
ᠨᠡᠶᠢᠲᠡᠯᠡᠭᠰᠡᠨ ᠴᠠᠭ᠄
2023/9/22
    ᠬᠠᠶᠢᠷ᠎ᠠ ᠶᠢᠨ ᠬᠦᠴᠥᠨ ᠳᠤ ᠬᠤᠷᠸ᠎ᠠ ᠳᠡᠷᠭᠡᠯᠰᠢᠨ᠎ᠡ ᠬᠡᠳᠡᠭ ᠢᠶᠠᠷ᠂ ᠬᠠᠯᠠᠭᠤᠨ ᠬᠠᠶᠢᠷ᠎ᠠ ᠪᠠᠨ ᠦᠷᠥᠭᠡᠯ ᠤᠨ ᠬᠡᠥᠭᠡᠳ ᠲᠤ ᠬᠠᠷᠠᠮ ᠦᠬᠡᠢ ᠶᠡᠬᠦᠯᠡᠵᠤ᠂ ᠬᠡᠥᠭᠡᠳ ᠪᠠᠭᠠᠴᠤᠳ ᠤᠨ ᠪᠢᠯᠢᠭ ᠤᠶᠤᠨ ᠢ ᠨᠢ ᠬᠤᠷᠴᠠᠯᠠᠬᠤ ᠪᠠᠷ ᠨᠢᠭᠡ ᠰᠡᠳᠬᠢᠯ ᠭᠠᠭᠴᠠ ᠵᠤᠷᠢᠭ ᠢᠶᠠᠷ ᠵᠢᠳᠬᠦᠵᠤ ᠶᠠᠪᠤᠭ᠎ᠠ ᠠᠷᠠᠳ ᠤᠨ ᠪᠠᠭᠰᠢ ᠨᠠᠷ ᠬᠦᠨᠳᠥᠳᠭᠡᠯᠳᠡᠢ ᠪᠦᠭᠡᠳ ᠪᠢᠰᠢᠷᠡᠯᠳᠡᠢ᠃      ᠵᠠᠯᠠᠶᠢᠳ ᠬᠤᠰᠢᠭᠤᠨ ᠤ ᠪᠤᠯᠭᠠᠨᠬᠤᠸᠠ ᠭᠤᠤᠯ ᠰᠤᠷᠭᠠᠭᠤᠯᠢ ᠶᠢᠨ ᠪᠠᠭᠰᠢ ᠵᠢᠶᠧ ᠰᠢᠶᠥᠥ ᠪᠤᠯ ᠳᠠᠷᠤᠢ ᠦᠪᠠᠷ ᠢ ᠪᠠᠨ ᠦᠷᠡᠭᠳᠡᠬᠦᠯᠤᠨ ᠪᠤᠰᠤᠳ ᠢ ᠬᠡᠷᠡᠯᠳᠥᠬᠦᠯᠵᠤ ᠶᠠᠪᠤᠭ᠎ᠠ ᠦᠢ ᠲᠦᠮᠡᠨ ᠠᠷᠠᠳ ᠤᠨ ᠪᠠᠭᠰᠢ ᠶᠢᠨ ᠨᠢᠭᠡ ᠪᠤᠯᠤᠨ᠎ᠠ᠃ ᠳᠡᠷᠡᠪᠠᠷ ᠬᠠᠷᠠᠬᠠᠨ ᠪᠠᠭ᠎ᠠ ᠠᠴᠠ ᠪᠠᠨ ᠪᠠᠭᠰᠢ ᠪᠤᠯᠬᠤ ᠬᠦᠰᠡᠯ ᠢ ᠡᠪᠤᠷᠯᠡᠨ᠂ ᠬᠢᠴᠢᠶᠡᠯ ᠰᠤᠷᠤᠯᠭ᠎ᠠ ᠳᠠᠭᠠᠨ ᠰᠢᠮᠳᠠᠨ ᠰᠤᠷᠤᠯᠴᠠᠵᠤ᠂ ᠠᠮᠢᠳᠤᠷᠠᠯ ᠤᠨ ᠨᠦᠬᠦᠴᠡᠯ ᠶᠠᠳᠠᠭᠤ ᠬᠦᠴᠢᠷᠳᠡᠯ ᠲᠠᠢ᠂ ᠰᠤᠷᠤᠯᠴᠠᠬᠤ ᠤᠷᠴᠢᠨ ᠬᠠᠳᠠᠭᠤᠵᠢᠯᠳᠠᠢ ᠵᠡᠷᠭᠡ ᠬᠦᠴᠢᠷ ᠪᠡᠷᠭᠡᠰᠢᠶᠡᠯ ᠢ ᠳᠡᠰᠪᠤᠷᠢᠯᠡᠨ ᠭᠠᠷᠴᠥ᠂ 1995 ᠤᠨ ᠳᠤ ᠵᠠᠯᠠᠶᠢᠳ ᠬᠤᠰᠢᠭᠤᠨ ᠤ ᠪᠤᠯᠭᠠᠨᠬᠤᠸᠠ ᠭᠤᠤᠯ ᠰᠤᠷᠭᠠᠭᠤᠯᠢ ᠶᠢᠨ ᠡᠩ ᠤᠨ ᠨᠢᠭᠡᠨ ᠮᠤᠩᠭᠤᠯ ᠬᠡᠯᠡᠨ ᠤ ᠪᠠᠭᠰᠢ ᠪᠤᠯᠤᠭᠰᠠᠨ ᠶᠤᠮ᠃      ᠵᠢᠶᠧ ᠰᠢᠶᠥᠥ ᠪᠠᠭᠰᠢ ᠬᠢᠴᠢᠶᠡᠯ ᠵᠢᠭᠠᠬᠤ ᠳᠤᠮᠳᠠ ᠪᠠᠨ ᠨᠠᠷᠢᠨ ᠬᠢᠨᠠᠮᠠᠭᠠᠢ ᠪᠦᠭᠡᠳ ᠰᠤᠷᠤᠭᠴᠢᠳ ᠲᠠᠭᠠᠨ ᠬᠠᠳᠠᠭᠤ ᠴᠢᠩᠭ᠎ᠠ ᠪᠠᠶᠢᠳᠠᠭ᠃ ᠮᠤᠩᠭᠤᠯ ᠬᠡᠯᠡᠨ ᠤ ᠪᠠᠭᠰᠢ ᠪᠤᠯᠤᠭᠰᠠᠨ ᠤ ᠬᠤᠪᠢ ᠠᠴᠠ ᠳᠡᠷᠡ ᠦᠷᠬᠦᠯᠵᠢ ᠰᠤᠷᠤᠭᠴᠢᠳ ᠢᠶᠠᠨ ᠳᠠᠭᠠᠭᠤᠯᠤᠨ ᠠᠮᠢᠳᠤᠷᠠᠯ ᠲᠠᠢ ᠤᠶᠢᠷᠠᠳᠤᠨ᠂ ᠪᠠᠶᠢᠭᠠᠯᠢ ᠲᠠᠢ ᠤᠶᠢᠷᠠᠳᠥᠵᠤ᠂ ᠦᠨᠡᠨ ᠬᠠᠶᠢᠷ᠎ᠠ ᠪᠠᠷ ᠪᠤᠳᠤᠯ ᠰᠡᠳᠬᠢᠯ ᠢᠶᠠᠨ ᠢᠯᠡᠳᠭᠡᠵᠤ ᠵᠤᠬᠢᠶᠠᠨ ᠪᠢᠴᠢᠯᠭᠡ ᠳᠤᠮᠳᠠ ᠪᠠᠨ ᠠᠮᠢᠳᠤᠯᠢᠭ ᠮᠦᠷᠳᠡᠭᠡᠨ ᠦᠨᠡᠨ ᠪᠤᠳᠠᠳᠠᠢ ᠦᠯᠢᠭᠡᠷ ᠤᠳ ᠢ ᠪᠢᠴᠢᠵᠤ ᠤᠷᠤᠭᠤᠯᠬᠤ ᠶᠢ ᠵᠢᠭᠠᠨ ᠵᠢᠯᠤᠭᠤᠳᠤᠳᠠᠭ᠃ ᠳᠡᠭᠡᠬᠦᠯᠡᠷ ᠳᠡᠬᠦᠨ ᠤ ᠠᠩᠬᠢ ᠶᠢᠨ ᠰᠤᠷᠤᠭᠴᠢᠳ ᠨᠢ ᠪᠦᠷ ᠰᠤᠷᠤᠯᠭ᠎ᠠ ᠮᠤᠷᠠᠯ ᠬᠤᠤᠰᠯᠠᠭᠰᠠᠨ ᠰᠢᠯᠢᠳᠡᠭ ᠰᠤᠷᠤᠭᠴᠢ ᠪᠤᠯᠵᠤ ᠬᠦᠮᠥᠵᠢᠭᠳᠡᠵᠡᠢ᠃ ᠡᠩ ᠤᠨ ᠠᠮᠢᠳᠤᠷᠠᠯ ᠳᠤᠮᠳᠠ᠂  ᠵᠢᠶᠧ ᠰᠢᠶᠥᠥ ᠪᠠᠭᠰᠢ ᠪᠤᠯ ᠡᠨᠡᠷᠢᠩᠬᠦᠢ ᠰᠡᠳᠬᠢᠯ ᠲᠠᠢ ᠬᠦᠮᠥᠨ ᠶᠤᠮ᠃ ᠠᠩᠬᠢ ᠶᠢᠨ ᠡᠷᠬᠢᠯᠡᠭᠴᠢ ᠪᠤᠯᠤᠭᠰᠠᠨ ᠠᠴᠠ ᠨᠠᠭᠠᠰᠢ ᠠᠩᠬᠢ ᠶᠢᠨ ᠰᠤᠷᠤᠭᠴᠢᠳ ᠤᠨ ᠦᠨᠳᠥᠰᠥᠨ ᠪᠠᠶᠢᠳᠠᠯ ᠢ ᠴᠠᠭ ᠢᠮᠠᠭᠳᠠ ᠤᠶᠢᠯᠠᠭᠠᠵᠤ ᠶᠠᠪᠤᠳᠠᠭ ᠪᠦᠭᠡᠳ ᠠᠩᠬᠢ ᠶᠢᠨ ᠢᠶᠠᠨ ᠭᠡᠷ ᠲᠡᠭᠡᠨ ᠬᠤᠴᠤᠷᠤᠭᠰᠠᠨ ᠬᠡᠥᠭᠡᠳ ᠪᠤᠶᠤ ᠠᠮᠢᠳᠤᠷᠠᠯ ᠬᠦᠴᠢᠷᠳᠡᠯ ᠲᠠᠢ ᠬᠡᠥᠭᠡᠳ ᠲᠤ ᠬᠠᠶᠢᠷ᠎ᠠ ᠬᠠᠯᠠᠮᠵᠢ ᠦᠵᠡᠬᠦᠯᠳᠡᠭ᠃ ᠦᠷᠬᠦᠯᠵᠢ ᠦᠪᠠᠷ ᠤᠨ ᠵᠤᠭᠤᠰ ᠢᠶᠠᠨ ᠭᠠᠷᠭᠠᠵᠤ᠂ ᠡᠳᠡᠭᠡᠷ ᠬᠡᠥᠭᠡᠳ ᠲᠤ ᠦᠯᠢᠭᠡᠷ ᠤᠨ ᠨᠤᠮ᠂ ᠪᠢᠴᠢᠭ ᠤᠨ ᠬᠡᠷᠡᠭᠰᠡᠯ ᠪᠤᠶᠤ ᠰᠢᠬᠢᠷ ᠪᠤᠭᠤᠷᠰᠤᠭ ᠠᠪᠴᠥ ᠦᠭᠬᠦᠨ᠂ ᠡᠵᠢ ᠬᠦᠮᠥᠨ ᠤ ᠡᠨᠡᠷᠢᠩᠬᠦᠢ ᠰᠡᠳᠬᠢᠯ ᠢᠶᠠᠷ ᠬᠡᠥᠭᠡᠳ ᠤᠨ ᠰᠡᠳᠬᠢᠯ ᠢ ᠳᠤᠯᠠᠭᠠᠴᠠᠭᠤᠯᠵᠤ ᠪᠠᠶᠢᠳᠠᠭ᠃      28 ᠵᠢᠯ ᠤᠨ ᠠᠷᠠᠳ ᠤᠨ ᠪᠠᠭᠰᠢ ᠶᠢᠨ ᠠᠵᠢᠯ ᠤᠨ ᠳᠤᠮᠳᠠ᠂ ᠳᠡᠷᠡ ᠰᠤᠷᠭᠠᠭᠤᠯᠢ ᠶᠢ ᠭᠡᠷ ᠢᠶᠠᠨ ᠰᠢᠭ᠂ ᠰᠤᠷᠤᠭᠴᠢ ᠪᠠᠨ ᠬᠡᠥᠭᠡᠳ ᠢᠶᠠᠨ ᠰᠢᠭ᠂ ᠠᠵᠢᠯ ᠢᠶᠠᠨ ᠠᠮᠢ ᠨᠠᠰᠥ ᠪᠠᠨ ᠰᠢᠬ ᠪᠤᠳᠤᠵᠤ᠂ ᠳᠤᠬᠠᠶᠢᠯᠠᠭᠰᠠᠨ ᠠᠵᠢᠯ ᠳᠠᠭᠠᠨ ᠤᠰᠤᠯᠳᠠᠬᠤ ᠦᠬᠡᠢ᠂ ᠤᠭ ᠰᠠᠨᠠᠭ᠎ᠠ ᠪᠠᠨ ᠦᠯᠥ ᠮᠠᠷᠳᠠᠨ᠂ ᠦᠨᠳᠥᠰᠥᠨ ᠱᠠᠳᠥᠨ ᠤ ᠰᠤᠷᠭᠠᠨ ᠬᠦᠮᠥᠵᠢᠯ ᠤᠨ ᠡᠮᠥᠨ᠎ᠡ ᠹᠷᠤᠨᠲ ᠲᠤ ᠦᠪᠠᠷ ᠤᠨ ᠢᠶᠠᠨ ᠭᠡᠰᠡᠨ ᠵᠢᠳᠬᠦᠯ ᠨᠡᠮᠡᠷᠢ ᠪᠠᠨ ᠦᠵᠡᠬᠦᠯᠤᠭ᠍ᠰᠡᠭᠡᠷ ᠢᠷᠡᠵᠡᠢ᠃ ᠰᠢᠷᠭᠠᠭᠤ ᠴᠢᠷᠮᠠᠶᠢᠯᠭ᠎ᠠ ᠶᠢᠨ ᠳ᠋ᠦᠩ ᠳᠤ᠂ ᠵᠢᠶᠧ ᠰᠢᠶᠥᠥ ᠪᠠᠭᠰᠢ ᠤᠷᠢᠳ ᠬᠤᠵᠢᠳ ᠤᠯᠤᠰ ᠤᠨ ᠳᠡᠰ ᠤᠨ ᠰᠢᠯᠢᠳᠡᠭ ᠵᠢᠯᠤᠭᠤᠳᠤᠭᠴᠢ ᠪᠠᠭᠰᠢ᠂ ᠬᠢᠨᠭ᠍ᠭᠠᠨ ᠠᠶᠢᠮᠠᠭ ᠤᠨ ᠰᠢᠯᠢᠳᠡᠭ ᠠᠩᠬᠢ ᠶᠢᠨ ᠡᠷᠬᠢᠯᠡᠭᠴᠢ᠂ ᠬᠤᠰᠢᠭᠤᠨ ᠳᠡᠰ ᠤᠨ ᠵᠢᠭᠠᠨ ᠰᠤᠷᠭᠠᠬᠤ ᠴᠢᠳᠠᠪᠤᠷᠢᠳᠠᠨ ᠵᠡᠷᠭᠡ ᠤᠯᠠᠨ ᠢᠷᠠᠭᠤ ᠠᠯᠳᠠᠷ ᠢ ᠬᠦᠷᠳᠡᠵᠤ᠂ ᠰᠤᠷᠭᠠᠨ ᠬᠦᠮᠥᠵᠢᠯ ᠤᠨ ᠥᠢᠯᠡᠰ ᠲᠤ ᠭᠠᠨᠵᠤᠭ᠎ᠠ ᠲᠦᠬᠦᠷᠡᠩ ᠠᠮᠵᠢᠯᠳᠠ ᠪᠠᠷ ᠬᠢᠯᠠᠷᠠᠭᠤᠯᠵᠤ ᠶᠠᠪᠤᠨ᠎ᠠ᠃
                       ᠤᠷᠠᠨᠳᠤᠳᠢ    ᠵᠠᠩ ᠶᠢᠨ ᠰᠢᠶᠥᠥ ᠰᠡᠭᠦᠳᠡᠷᠡᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号