ᠵᠠᠯᠠᠶᠢᠳ ᠬᠤᠰᠢᠭᠤ ᠪᠥᠬᠦ ᠤᠯᠤᠰ ᠤᠨ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠯᠡᠭᠡᠨ ᠤ ᠠᠵᠢᠯᠯᠠᠭᠠᠨ ᠤ ᠲᠤᠬᠠᠢ ᠪᠣᠯᠪᠠᠰᠤᠷᠠᠯ ᠬᠢᠵᠠᠢ
ᠨᠡᠶᠢᠲᠡᠯᠡᠭᠰᠡᠨ ᠴᠠᠭ᠄
2023/9/25
    ᠣᠶᠢᠷ᠎ᠠ ᠳᠤ᠂ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠤᠯᠤᠰ ᠤᠨ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠬᠡᠷᠡᠭᠯᠡᠭᠡᠨ ᠤ ᠠᠵᠢᠯᠯᠠᠭᠠᠨ ᠤ  ᠲᠤᠬᠠᠢ  ᠪᠣᠯᠪᠠᠰᠤᠷᠠᠯ ᠬᠢᠪᠡ᠃     ᠪᠣᠯᠪᠠᠰᠤᠷᠠᠯ ᠳᠤ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠥᠮᠥᠰ ᠰᠢᠰᠲ᠋ᠧᠮ ᠤᠨ ᠪᠠᠶᠢᠭᠤᠯᠤᠯᠲᠠ ᠶᠢᠨ ᠠᠬᠤᠢ ᠪᠠᠶᠢᠳᠠᠯ᠂ ᠪᠦᠬᠦᠯᠢ ᠴᠣᠭᠴᠠ ᠶᠢᠨ ᠲᠣᠶᠢᠮᠣᠴᠢᠯᠠᠯ᠂ ᠴᠢᠳᠠᠮᠵᠢ ᠶᠢᠨ ᠲᠠᠨᠢᠯᠴᠠᠭᠤᠯᠭ᠎ᠠ᠂ ᠪᠠᠶᠢᠩᠭᠤ ᠲᠣᠬᠢᠶᠠᠯᠳᠤᠬᠤ ᠠᠰᠠᠭᠤᠳᠠᠯ ᠵᠡᠷᠭᠡ ᠲᠠᠯ᠎ᠠ ᠪᠠᠷ ᠥᠷᠨᠢᠭᠦᠯᠵᠦ᠂ ᠰᠢᠰᠲ᠋ᠧᠮ ᠤᠨ ᠲᠥᠯᠥᠪᠯᠡᠭᠡᠲᠦ ᠰᠤᠷᠭᠠᠭᠤᠯᠢ᠂ ᠬᠤᠭᠤᠯᠠᠯᠠᠬᠤ ᠡᠳᠦᠷ᠂ ᠬᠤᠭᠤᠯᠠᠯᠠᠬᠤ ᠪᠠᠷᠢᠮᠵᠢᠶ᠎ᠠ᠂ ᠦᠨᠳᠦᠰᠦᠨ ᠪᠠᠶᠢᠳᠠᠯ᠂ ᠡᠳᠦᠷ ᠪᠦᠷᠢ ᠶᠢᠨ ᠬᠤᠭᠤᠯᠠᠯᠠᠬᠤ ᠨᠡᠷᠡᠰ᠂ ᠪᠡᠯᠡ ᠮᠥᠩᠭᠦ ᠶᠢᠨ ᠬᠠᠮᠢᠶᠠᠷᠤᠯᠲᠠ ᠵᠡᠷᠭᠡ ᠪᠥᠬᠦ ᠶᠠᠪᠤᠴᠠ ᠶᠢᠨ ᠬᠠᠮᠢᠶᠠᠷᠤᠯᠲᠠ ᠶᠢᠨ ᠠᠭᠤᠯᠭ᠎ᠠ ᠶᠢ ᠨᠠᠷᠢᠨ ᠲᠠᠶᠢᠯᠪᠤᠷᠢᠯᠠᠪᠠ᠃ ᠡᠭᠦᠨ ᠤ ᠬᠠᠮᠲᠤ ᠪᠠᠰᠠ ᠠᠵᠢᠯᠯᠠᠬᠤ ᠶᠠᠪᠤᠴᠠ ᠳᠤ ᠦᠷᠭᠦᠯᠵᠢ ᠲᠣᠬᠢᠶᠠᠯᠳᠤᠳᠠᠭ ᠨᠡᠶᠢᠲᠡᠯᠢᠭ ᠴᠢᠨᠠᠷᠲᠠᠢ ᠠᠰᠠᠭᠤᠳᠠᠯ ᠳᠤ ᠨᠠᠷᠢᠨ ᠲᠠᠶᠢᠯᠪᠤᠷᠢᠯᠠᠯᠲᠠ ᠬᠢᠭᠰᠡᠨ ᠪᠥᠭᠡᠳ ᠰᠦᠯᠵᠢᠶᠡᠨ ᠳᠤ ᠭᠠᠷᠬᠤ ᠪᠣᠳᠠᠲᠠᠢ ᠠᠵᠢᠯᠯᠠᠭ᠎ᠠ ᠶᠢ ᠵᠣᠬᠢᠶᠠᠨ ᠪᠠᠶᠢᠭᠤᠯᠬᠤ ᠶᠠᠪᠤᠴᠠ ᠳᠤ ᠪᠣᠯᠪᠠᠰᠤᠷᠠᠯ ᠳᠤ ᠣᠷᠣᠯᠴᠠᠭᠰᠠᠳ ᠤᠨ ᠳᠤᠷᠠᠳᠤᠭᠰᠠᠨ ᠬᠠᠮᠢᠶ᠎ᠠ ᠪᠦᠬᠦᠢ ᠠᠰᠠᠭᠤᠳᠠᠯ ᠳᠤ ᠬᠠᠷᠢᠭᠤᠯᠲᠠ ᠥᠭᠭᠦᠭᠰᠡᠨ ᠪᠠᠶᠢᠨ᠎ᠠ᠃ ᠡᠴᠦᠰ ᠲᠤ᠂ ᠪᠥᠬᠦ ᠤᠯᠤᠰ ᠤᠨ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠶᠢᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠳᠤ ᠪᠠᠶᠢᠷᠢᠯᠠᠭᠤᠯᠤᠯᠲᠠ ᠬᠢᠵᠡᠢ᠃     ᠪᠥᠬᠦ ᠬᠤᠰᠢᠭᠤᠨ ᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠲᠣᠰ ᠰᠢᠰᠲ᠋ᠧᠮ ᠤᠨ ᠠᠵᠢᠯᠲᠠᠨ ᠪᠠ ᠬᠢᠨᠠᠨ ᠬᠠᠷᠭᠤᠭᠤᠯᠤᠭᠴᠢ ᠨᠡᠶᠢᠲᠡ 40 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号