ᠵᠠᠯᠠᠶᠢᠳ ᠬᠤᠰᠢᠭᠤᠨ ᠤ ᠰᠢᠨᠯᠢᠨ ᠭᠤᠤᠯ ᠰᠤᠷᠭᠠᠭᠤᠯᠢ ᠠᠮᠤᠷ ᠲᠦᠪᠰᠢᠨ ᠤ ᠲᠤᠬᠠᠢ ᠪᠠᠶᠢᠴᠠᠭᠠᠯᠳᠠ ᠬᠢᠵᠡᠢ
ᠨᠡᠶᠢᠲᠡᠯᠡᠭᠰᠡᠨ ᠴᠠᠭ᠄
2023/9/4
    ᠪᠠᠭᠰᠢ ᠰᠤᠷᠤᠭᠴᠢᠳ ᠤᠨ ᠠᠮᠤᠷ ᠲᠦᠪᠰᠢᠨ ᠢ ᠪᠠᠲᠤᠯᠠᠵᠤ᠂ ᠠᠮᠤᠷ ᠲᠦᠪᠰᠢᠨ ᠤ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠵᠠᠯᠠᠶᠢᠳ ᠬᠤᠰᠢᠭᠤᠨ ᠤ ᠰᠢᠨᠯᠢᠨ ᠭᠤᠤᠯ ᠰᠤᠷᠭᠠᠭᠤᠯᠢ ᠠᠮᠤᠷ ᠲᠦᠪᠰᠢᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠢ ᠵᠣᠬᠢᠶᠠᠨ ᠪᠠᠶᠢᠭᠤᠯᠵᠤ ᠰᠤᠷᠭᠠᠭᠤᠯᠢ ᠡᠬᠢᠯᠡᠬᠦ ᠡᠬᠢᠨ ᠤ ᠦᠶ᠎ᠡ ᠶᠢᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃     ᠲᠤᠰ ᠠᠵᠢᠯᠯᠠᠭ᠎ᠠ ᠳᠤ᠂ ᠰᠤᠷᠭᠠᠭᠤᠯᠢ ᠠᠴᠠ ᠠᠶᠦᠯᠭᠦᠢ ᠠᠵᠢᠯ ᠤᠨ ᠬᠤᠷᠠᠯ ᠬᠤᠷᠠᠯᠳᠤᠭᠤᠯᠵᠤ᠂ ᠨᠠᠮ ᠤᠨ ᠡᠭᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠪᠢᠶᠠᠨ ᠵᠧᠨ ᠯᠢᠶᠠᠩ ᠰᠢᠨ᠎ᠡ ᠰᠤᠷᠤᠯᠭ᠎ᠠ ᠶᠢᠨ ᠣᠨ ᠤ ᠠᠮᠤᠷ ᠲᠦᠪᠰᠢᠨ ᠤ ᠠᠵᠢᠯ ᠤᠨ ᠬᠠᠷᠠᠯᠲᠠ ᠵᠢᠴᠢ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠠᠷᠭ᠎ᠠ ᠵᠢᠴᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠵᠢᠭᠰᠠᠭᠠᠨ ᠪᠠᠶᠢᠴᠠᠭᠠᠬᠤ ᠶᠠᠪᠤᠴᠠ ᠳᠤ ᠨᠠᠷᠢᠨ ᠬᠢᠨᠠᠮᠠᠭᠠᠢ᠂ ᠲᠤᠬᠠᠢ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠳᠠᠨ ᠪᠠ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠭᠲᠠᠭᠠᠬᠤ ᠬᠡᠷᠡᠭᠲᠡᠢ ᠭᠡᠵᠦ ᠱᠠᠭᠠᠷᠳᠠᠪᠠ᠃ ᠬᠤᠷᠠᠯ ᠤᠨ ᠲᠠᠷᠠᠭ᠎ᠠ ᠰᠤᠷᠭᠠᠭᠤᠯᠢ ᠶᠢᠨ ᠪᠠᠶᠢᠷᠢ ᠂ ᠴᠠᠬᠢᠯᠭᠠᠨ ᠬᠡᠷᠡᠭᠯᠡᠬᠦ᠂ ᠬᠤᠭᠤᠯᠠᠨ ᠭᠡᠷ᠂ ᠬᠡᠦᠬᠡᠳ ᠤᠨ ᠴᠡᠴᠡᠷᠯᠢᠭ ᠵᠡᠷᠭᠡ ᠲᠠᠯᠠᠪᠤᠷ ᠢ ᠵᠢᠭᠰᠠᠭᠠᠨ ᠪᠠᠶᠢᠴᠠᠭᠠᠪᠠ᠃     ᠲᠤᠰ ᠣᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠦᠲᠦᠮᠵᠢᠲᠡᠶ ᠠᠷᠢᠯᠭᠠᠵᠤ᠂ ᠰᠤᠷᠭᠠᠭᠤᠯᠢ ᠶᠢᠨ ᠬᠦᠷᠢᠶᠡᠨ ᠤ ᠪᠠᠭᠰᠢ ᠰᠤᠷᠤᠭᠴᠢᠳ ᠲᠤ ᠠᠮᠤᠷ ᠲᠦᠪᠰᠢᠨ ᠡᠶ᠎ᠡ ᠵᠣᠬᠢᠴᠠᠯ ᠲᠠᠢ ᠣᠷᠴᠢᠨ ᠨᠥᠬᠦᠴᠡᠯ ᠢ ᠪᠣᠶ ᠪᠣᠯᠭᠠᠵᠤ᠂  ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠦᠨᠡᠨ ᠬᠦ ᠪᠠᠲᠤᠯᠠᠭᠰᠠᠨ ᠪᠠᠶᠢᠨ᠎ᠠ᠃
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号