| | ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2023﹈ 15 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ | ᠵᠥᠪᠯᠡᠯ᠂ ᠠᠯᠪᠠᠨ ᠬᠡᠷ᠂ ᠲᠣᠪᠴᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠲᠦᠪ ᠪᠠ ᠦᠪᠡᠷᠳᠡᠭᠡᠨ | ᠵᠠᠰᠠᠬᠤ ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ ᠨᠢᠭᠡᠴᠢ ᠳᠤ᠄ | ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ︽ᠬᠢᠩᠭᠠᠨ ᠠᠶᠢᠮᠠᠭ ᠤᠨ ᠴᠠᠭ ᠠᠭᠤᠷ ᠤᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠵᠢᠭᠦᠯᠬᠦ ᠰᠠᠨᠠᠯ︾ ᠢ ᠡᠳᠦᠭᠡ | ᠳᠠᠷᠤᠮᠠᠯᠯᠠᠨ ᠲᠠᠷᠬᠠᠭᠠᠪᠠ᠃ ᠲᠠ ᠨᠠᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ | 2023 ᠣᠨ ᠤ 3 ᠰᠠᠷ᠎ᠠ ᠶᠢᠨ 30 ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | ᠬᠢᠩᠭᠠᠨ ᠠᠶᠢᠮᠠᠭ ᠤᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ | ᠠᠬᠢᠭᠤᠯᠬᠤ ᠬᠡᠷᠡᠭᠵᠢᠭᠦᠯᠬᠦ ᠰᠠᠨᠠᠯ | ᠴᠠᠭ ᠠᠭᠤᠷ ᠤᠨ ᠦᠢᠯᠡᠰ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ᠂ ᠰᠠᠭᠤᠷᠢ ᠴᠢᠨᠠᠷᠲᠠᠢ᠂ | ᠤᠳᠤᠷᠢᠳᠤᠮᠵᠢ ᠶᠢᠨ ᠴᠢᠨᠠᠷᠲᠠᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠮᠥᠨ᠂ ᠠᠵᠤ ᠠᠬᠤᠢ | ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠠᠷᠠᠳ ᠲᠦᠮᠡᠨ ᠤ ᠠᠮᠤᠷ ᠲᠦᠪᠰᠢᠨ ᠪᠤᠶᠠᠨ ᠵᠢᠷᠭᠠᠯ ᠢ ᠢᠪᠡᠭᠡᠬᠦ | ᠴᠢᠬᠤᠯᠠ ᠪᠠᠲᠤᠯᠠᠭ᠎ᠠ ᠮᠥᠨ᠃ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ᠂ ᠨᠠᠩ | ᠥᠨᠳᠥᠷ ᠲᠦᠪᠰᠢᠨ ᠪᠥᠬᠦᠶ ᠴᠠᠭ ᠠᠭᠤᠷ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ | ᠂ ᠪᠥᠬᠦ ᠠᠶᠢᠮᠠᠭ ᠤᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠬᠥᠲᠥᠯᠪᠦᠷᠢ ︵ | 2022 — 2035 ᠣᠨ︶ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠲᠥᠷᠥ ᠲᠠᠷᠬᠠᠭᠠᠭᠰᠠᠨ ﹇ | 2022﹈ 11 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ | ︾ ︵ᠥᠪᠥᠷ ᠵᠠᠰᠠᠭ ᠲᠠᠷᠬᠠᠭᠠᠭᠰᠠᠨ ﹇2021﹈ 16 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ | ᠠᠶᠢᠮᠠᠭ ᠤᠨ ᠪᠣᠳᠠᠲᠠᠶ ᠲᠠᠢ ᠤᠶᠠᠯᠳᠤᠭᠤᠯᠵᠤ᠂ ᠲᠣᠰ ᠬᠡᠷᠡᠭᠵᠢᠭᠦᠯᠬᠦ ᠰᠠᠨᠠᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠦ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ ᠦᠢᠯᠡᠴᠢᠯᠡᠬᠦ ᠪᠠ ᠠᠭᠤᠰᠤᠯᠴᠠᠵᠤ᠂ ᠠᠮᠢ ᠠᠬᠤᠶ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ | ᠨᠠᠷᠢᠨ ᠨᠢᠭᠲᠠ ᠬᠢᠨᠠᠨ ᠬᠡᠮᠵᠢᠭᠰᠡᠨ᠂ ᠨᠠᠷᠢᠯᠢᠭ ᠣᠨᠣᠪᠴᠢᠲᠠᠢ ᠤᠷᠢᠳᠴᠢᠯᠠᠨ ᠮᠡᠳᠡᠭᠡᠯᠡᠭᠰᠡᠨ᠂ ᠨᠠᠷᠢᠯᠢᠭ | ᠦᠢᠯᠡᠴᠢᠯᠡᠭᠰᠡᠨ᠂ ᠠᠷᠠᠳ ᠲᠦᠮᠡᠨ ᠳᠤ ᠬᠠᠨᠤᠮᠵᠢᠲᠠᠢ ᠤᠳᠤ ᠦᠶ᠎ᠡ ᠶᠢᠨ ᠴᠠᠭ ᠠᠭᠤᠷ ᠤᠨ ᠰᠢᠰᠲ᠋ᠧᠮ ᠢ ᠴᠢᠷᠮᠠᠶᠢᠨ | ᠪᠠᠶᠢᠭᠤᠯᠵᠤ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠬᠥᠭᠵᠢᠯᠲᠡ᠂ ᠠᠮᠢᠳᠤᠷᠠᠯ ᠴᠢᠨᠡᠭᠡᠯᠢᠭ᠂ ᠠᠮᠢ | ᠠᠬᠤᠢ ᠰᠠᠶᠢᠨ ᠰᠠᠶᠢᠬᠠᠨ ᠪᠠᠶᠢᠬᠤ ᠶᠢ ᠪᠦᠬᠦ ᠲᠠᠯ᠎ᠠ ᠪᠠᠷ ᠪᠠᠲᠤᠯᠠᠵᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ | ᠣᠳᠣᠬᠢᠴᠢᠯᠠᠭᠰᠠᠨ ᠬᠢᠩᠭᠠᠨ ᠠᠶᠢᠮᠠᠭ ᠢ ᠪᠦᠳᠦᠭᠡᠨ ᠪᠠᠶᠢᠭᠤᠯᠬᠤ ᠳᠤ ᠪᠠᠲᠤ ᠴᠢᠩᠭ᠎ᠠ ᠴᠠᠭ ᠠᠭᠤᠷ ᠤᠨ ᠪᠠᠲᠤᠯᠠᠭ᠎ᠠ | ᠬᠠᠩᠭᠠᠨ᠎ᠠ᠃ | ︵ᠬᠤᠶᠠᠷ︶ ᠬᠥᠭᠵᠢᠯᠲᠡ ᠶᠢᠨ ᠬᠠᠷᠠᠯᠲᠠ 2025 ᠣᠨ ᠪᠣᠯᠬᠤ ᠳᠤ᠂ ᠬᠡᠷᠡᠭᠴᠡᠭᠡ ᠱᠠᠭᠠᠷᠳᠠᠯᠭ᠎ᠠ ᠳᠤ | ᠵᠣᠬᠢᠴᠠᠭᠰᠠᠨ᠂ ᠪᠦᠲᠦᠴᠡ ᠨᠢ ᠪᠦᠷᠢᠨ ᠲᠡᠭᠦᠯᠳᠡᠷ᠂ ᠴᠢᠳᠠᠮᠵᠢ ᠨᠢ ᠲᠡᠷᠢᠭᠦᠨ ᠤ᠂ ᠪᠠᠲᠤᠯᠠᠭ᠎ᠠ ᠨᠢ ᠬᠦᠴᠦᠨ ᠲᠠᠢ | ᠣᠳᠣᠬᠢᠴᠢᠯᠠᠭᠰᠠᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡᠨ᠂ | ᠲᠤᠬᠠᠶᠢᠯᠠᠭᠰᠠᠨ ᠠᠵᠢᠯ ᠪᠠ ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠴᠠᠭ ᠠᠭᠤᠷ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠠᠮᠢ ᠠᠬᠤᠶ ᠶᠢᠨ ᠴᠠᠭ ᠠᠭᠤᠷ᠂ | ᠳᠠᠭᠠᠭᠤᠯᠢ ᠣᠳᠣᠨ ᠤ ᠠᠯᠤᠰ ᠰᠡᠷᠡᠯ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠵᠡᠷᠭᠡ ᠬᠦᠷᠢᠶ᠎ᠡ | ᠴᠠᠷᠠᠭ᠎ᠠ ᠶᠢ ᠪᠥᠬᠦ ᠣᠷᠣᠨ ᠤ ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠦᠯᠦᠨ᠎ᠡ᠃ 2035 ᠣᠨ ᠪᠣᠯᠬᠤ ᠳᠤ᠂ | ᠬᠡᠷᠡᠭᠴᠡᠭᠡ ᠶᠢ ᠬᠠᠩᠭᠠᠭᠰᠠᠨ᠂ ᠣᠨᠴᠠᠯᠢᠭ ᠢᠶᠠᠷ ᠢᠯᠡ ᠲᠣᠳᠣ᠂ ᠲᠡᠷᠢᠭᠦᠨ ᠤ ᠮᠡᠷᠭᠡᠵᠢᠯ ᠲᠠᠢ᠂ ᠠᠮᠢᠵᠢᠷᠠᠯ ᠤᠨ | ᠬᠦᠴᠦᠨ ᠢᠶᠠᠷ ᠪᠢᠯᠬᠠᠮ᠎ᠠ ᠴᠠᠭ ᠠᠭᠤᠷ ᠤᠨ ᠣᠳᠣᠬᠢᠴᠢᠯᠠᠭᠰᠠᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠴᠠᠭ | ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠨᠡᠩ ᠭᠦᠢᠴᠡᠳ ᠪᠠᠳᠠᠷᠠᠭᠤᠯᠵᠤ᠂ ᠴᠠᠭ ᠠᠭᠤᠷ ᠤᠨ ᠡᠨᠧᠷᠭᠢ ᠣᠯᠭᠤᠬᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠦᠷ᠎ᠡ ᠪᠦᠲᠦᠮᠵᠢ ᠶᠢ ᠨᠡᠩ ᠢᠯᠡᠷᠬᠡᠢ ᠪᠣᠯᠭᠠᠵᠤ᠂ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ | ᠂ ᠦᠢᠯᠡᠳᠪᠦᠷᠢᠯᠡᠯ ᠢ ᠬᠥᠭᠵᠢᠭᠦᠯᠬᠦ᠂ ᠠᠮᠢᠳᠤᠷᠠᠯ ᠢ ᠴᠢᠨᠡᠭᠡᠯᠢᠭᠵᠢᠭᠦᠯᠬᠦ᠂ ᠠᠮᠢ ᠠᠬᠤᠢ ᠶᠢ ᠰᠠᠶᠢᠨ ᠰᠠᠶᠢᠬᠠᠨ | ᠪᠣᠯᠭᠠᠬᠤ ᠳᠤ ᠦᠢᠯᠡᠴᠢᠯᠡᠬᠦ ᠴᠢᠳᠠᠪᠤᠷᠢ ᠪᠠ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠶᠠᠷ᠂ ᠭᠤᠣᠯ | ᠡᠭᠦᠷᠭᠡ | ︵ᠨᠢᠭᠡ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | 1. ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠬᠠᠷᠢᠶ᠎ᠠ ᠭᠠᠵᠠᠷ ᠢᠶᠠᠷ ᠭᠤᠣᠯ ᠪᠣᠯᠭᠠᠬᠤ᠂ ᠶᠡᠷᠦᠩᠬᠡᠶᠢᠯᠡᠨ ᠭᠠᠮᠰᠢᠭ ᠢ ᠪᠠᠭᠠᠰᠬᠠᠬᠤ | ᠵᠠᠷᠴᠢᠮ ᠢ ᠪᠠᠷᠢᠮᠲᠠᠯᠠᠨ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠶᠡᠷᠦᠩᠬᠡᠶᠢᠯᠡᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠰᠢᠰᠲ᠋ᠧᠮ ᠳᠤ ᠣᠷᠣᠭᠤᠯᠵᠤ᠂ ᠦᠨᠳᠦᠰᠦᠨ ᠱᠠᠲᠤᠨ ᠤ ᠲᠤᠤᠷᠴᠢᠯᠠᠭᠰᠠᠨ ᠨᠡᠶᠢᠭᠡᠮ ᠤᠨ | ᠵᠠᠰᠠᠯᠲᠠ ᠶᠢᠨ ᠰᠢᠰᠲ᠋ᠧᠮ ᠳᠤ ᠠᠭᠤᠰᠬᠠᠨ ᠣᠷᠣᠭᠤᠯᠤᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠠᠵᠢᠯ ᠤᠨ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠲᠦᠷᠢᠮ ᠢ ᠴᠢᠩᠭᠠᠷᠠᠭᠤᠯᠵᠤ᠂ ᠱᠠᠲᠤ | ᠬᠤᠪᠢᠶᠠᠨ ᠬᠠᠷᠢᠭᠤᠴᠠᠬᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ᠃ ᠰᠠᠯᠠᠭ᠎ᠠ ᠮᠥᠴᠢᠷ ᠤᠳ ᠤᠨ ᠬᠤᠭᠤᠷᠣᠨᠳᠣ ᠪᠠᠨ ᠨᠢᠭᠡᠳᠦᠯᠲᠡᠶ ᠲᠥᠯᠥᠪᠵᠢᠭᠦᠯᠬᠦ ᠪᠠ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠲᠦᠷᠭᠡᠨ ᠪᠥᠭᠡᠳ ᠥᠨᠳᠥᠷ ᠦᠷ᠎ᠡ | ᠪᠦᠲᠦᠮᠵᠢᠲᠡᠶ ᠪᠠᠷ ᠬᠠᠮᠲᠤᠷᠠᠨ ᠬᠥᠳᠡᠯᠦᠯᠴᠡᠭᠰᠡᠨ ᠣᠯᠠᠨ ᠰᠠᠯᠠᠭ᠎ᠠ ᠮᠥᠴᠢᠷ ᠤᠨ ᠴᠠᠭ ᠠᠭᠤᠷ ᠤᠨ ᠭᠠᠮᠰᠢᠭ ᠢ | ᠰᠡᠷᠭᠡᠶᠢᠯᠡᠨ ᠠᠷᠭᠠᠴᠠᠬᠤ ᠲᠣᠭᠲᠠᠴᠠ ᠪᠠ ᠨᠡᠶᠢᠭᠡᠮ ᠤᠨ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠦᠨ᠂ ᠬᠦᠨᠳᠦ | ᠶᠡᠭᠡ ᠴᠠᠭ ᠠᠭᠤᠷ ᠤᠨ ᠭᠠᠮᠰᠢᠭ ᠤᠨ ᠠᠵᠢᠯ ᠢ ᠵᠣᠭᠰᠣᠭᠠᠵᠤ ᠦᠢᠯᠡᠳᠪᠦᠷᠢᠯᠡᠯ ᠢ ᠵᠣᠭᠰᠣᠭᠠᠵᠤ ᠬᠢᠴᠢᠶᠡᠯ ᠢ | ᠵᠣᠭᠰᠣᠭᠠᠵᠤ ᠲᠡᠭᠡᠭᠡᠪᠦᠷᠢᠯᠡᠬᠦ ᠶᠢ ᠵᠣᠭᠰᠣᠭᠠᠬᠤ ᠲᠦᠷᠢᠮ ᠢ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠬᠤ ᠳᠤ | ᠣᠷᠣᠯᠴᠠᠨ᠎ᠠ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠣᠶᠣᠯ ᠵᠤᠭᠠᠴᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | | 2. ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ | ᠪᠥᠬᠦ ᠠᠶᠢᠮᠠᠭ ᠤᠨ ᠭᠤᠤᠯ ᠪᠣᠯᠬᠤ ᠴᠠᠭ ᠠᠭᠤᠷ ᠤᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢᠨ ᠨᠡᠶᠢᠳᠡᠮ | ᠪᠠᠶᠢᠴᠠᠭᠠᠯᠲᠠ᠂ ᠦᠨᠡᠯᠡᠨ ᠵᠢᠱᠢᠯᠲᠡ ᠪᠠ ᠣᠷᠣᠨ ᠬᠤᠪᠢᠶᠠᠷᠢᠯᠠᠯ ᠢ ᠪᠡᠶᠡᠯᠡᠭᠦᠯᠵᠦ᠂ ᠴᠠᠭ ᠠᠭᠤᠷ ᠤᠨ ᠭᠠᠮᠰᠢᠭ ᠤᠨ | ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠷᠠᠭᠤᠯᠤᠨ᠎ᠠ᠃ | ᠳᠤᠮᠳᠠ ᠵᠢᠵᠢᠭ ᠭᠤᠣᠯ ᠮᠥᠷᠡᠨ ᠤ ᠦᠶᠡᠷ᠂ ᠠᠭᠤᠯᠠᠨ ᠦᠶᠡᠷ ᠪᠠ ᠭᠠᠵᠠᠷ ᠤᠨ ᠭᠠᠶ ᠭᠠᠮᠰᠢᠭ ᠤᠨ ᠴᠠᠭ | ᠠᠭᠤᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠳᠬᠦᠨ ᠢ ᠬᠠᠮᠲᠤᠷᠠᠨ ᠨᠡᠶᠢᠲᠡᠯᠡᠨ᠎ᠡ᠃ | ᠴᠠᠭ ᠠᠭᠤᠷ ᠤᠨ ᠭᠠᠮᠰᠢᠭ ᠤᠨ ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ ᠠᠶᠤᠯ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠬᠦ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠬᠥᠭᠵᠢᠭᠦᠯᠦᠨ᠎ᠡ᠃ ᠡᠯ᠎ᠡ ᠱᠠᠲᠤᠨ ᠤ ᠴᠠᠭ ᠠᠭᠤᠷ ᠤᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠭᠠᠮᠰᠢᠭ ᠢ | ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠪᠠ | ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ | ᠲᠠᠷᠢᠶᠠᠯᠠᠩ ᠤᠨ ᠳᠠᠭᠠᠳᠬᠠᠯ ᠤᠨ ᠴᠠᠭ ᠠᠭᠤᠷ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠨ᠂ | ᠭᠠᠮᠰᠢᠭ ᠤᠨ ᠬᠤᠬᠢᠷᠠᠯ ᠢ ᠦᠨᠡᠯᠡᠨ ᠵᠢᠱᠢᠬᠦ᠂ ᠴᠠᠭ ᠠᠭᠤᠷ ᠤᠨ ᠢᠯᠡᠳᠬᠡᠭᠴᠢ ᠶᠢᠨ ᠳᠠᠭᠠᠳᠬᠠᠯ ᠤᠨ ᠦᠢᠯᠡᠳᠭᠦᠨ ᠢ | ᠨᠡᠭᠡᠭᠡᠨ ᠬᠥᠭᠵᠢᠭᠦᠯᠬᠦ ᠪᠠ ᠲᠥᠯᠥᠪᠦᠷᠢ ᠥᠭᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ︵ᠠᠶᠢᠮᠠᠭ ᠤᠨ | ᠴᠠᠭ ᠠᠭᠤᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ | ︶ | 3. ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠦᠴᠦᠨ ᠲᠠᠢ | ᠬᠤᠭᠤᠴᠠᠭ᠎ᠠ ᠶᠢ ᠳᠡᠭᠡᠭᠰᠢᠯᠡᠭᠦᠯᠦᠨ᠎ᠡ᠃ ᠬᠢᠩᠭᠠᠨ ᠠᠶᠢᠮᠠᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ ᠤᠨ ᠴᠢᠳᠠᠮᠵᠢ ᠶᠢ | ᠲᠡᠭᠦᠯᠳᠡᠷᠵᠢᠭᠦᠯᠦᠨ᠎ᠡ᠃ ᠴᠠᠭ ᠠᠭᠤᠷ ᠤᠨ ᠬᠦᠨᠳᠦ ᠶᠡᠭᠡ ᠭᠠᠶ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠲᠦᠷᠭᠡᠨ ᠳᠠᠮᠵᠢᠭᠤᠯᠬᠤ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠳᠣᠬᠢᠭᠤᠷ ᠲᠤᠯᠤᠭᠠᠨ ᠣᠲᠣ ᠳᠠᠭᠠᠭᠤᠯᠢ | ᠣᠲᠣ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠪᠠ ᠨᠡᠶᠢᠭᠡᠮ ᠤᠨ ᠵᠠᠭᠤᠴᠢᠯᠠᠭᠤᠷ ᠤᠨ | ᠡᠬᠢ ᠪᠠᠶᠠᠯᠢᠭ ᠢ ᠭᠦᠢᠴᠡᠳ ᠠᠰᠢᠭᠯᠠᠨ ᠴᠠᠭ ᠠᠭᠤᠷ ᠤᠨ ᠭᠠᠶ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠣᠯᠠᠨ ᠠᠷᠭ᠎ᠠ ᠵᠠᠮ᠂ ᠥᠷᠭᠡᠨ ᠪᠦᠷᠬᠦᠴᠡ ᠲᠠᠢ᠂ ᠲᠦᠷᠭᠡᠨ ᠪᠥᠭᠡᠳ ᠨᠠᠷᠢᠯᠢᠭ ᠣᠨᠣᠴᠠᠲᠠᠶ ᠪᠠᠷ ᠳᠠᠮᠵᠢᠭᠤᠯᠬᠤ ᠶᠢ | ᠪᠡᠶᠡᠯᠡᠭᠦᠯᠦᠨ᠎ᠡ᠃ ᠤᠯᠤᠰ ᠤᠨ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ | ᠨᠡᠶᠢᠲᠡᠯᠡᠬᠦ ᠰᠢᠰᠲ᠋ᠧᠮ ᠤᠨ ᠤᠯᠠᠨ ᠰᠠᠯᠠᠭ᠎ᠠ ᠮᠥᠴᠢᠷ ᠤᠨ ᠬᠡᠷᠡᠭᠯᠡᠯᠲᠡ ᠶᠢ ᠲᠦᠯᠬᠢᠨ ᠠᠬᠢᠭᠤᠯᠤᠨ᠎ᠠ᠃ ᠭᠤᠷᠪᠠᠨ | ᠲᠣᠮᠣ ᠡᠵᠡᠩᠨᠡᠯᠲᠡ ᠶᠢᠨ ᠬᠤᠳᠠᠯᠳᠤᠭᠠᠴᠢᠨ ᠤ ᠴᠢᠬᠤᠯᠠ ᠶᠡᠭᠡ ᠭᠡᠨᠡᠳᠲᠡ ᠶᠢᠨ ᠬᠡᠷᠡᠭ ᠤᠨ ᠰᠡᠷᠡᠮᠵᠢᠯᠡᠭᠦᠯᠬᠦ ᠮᠡᠳᠡᠭᠡ | ᠵᠠᠩᠭᠢ ᠶᠢ ᠨᠡᠶᠢᠲᠡᠯᠡᠬᠦ ︽ᠰᠠᠭᠠᠳ ᠥᠬᠡᠶ ᠨᠡᠪᠲᠡᠷᠡᠬᠦ ᠵᠠᠮ︾ ᠪᠠ ᠪᠥᠬᠦ ᠰᠦᠯᠵᠢᠶ᠎ᠡ ᠪᠠᠷ ᠰᠦᠢᠳᠭᠡᠯ ᠬᠤᠷᠢᠶᠠᠬᠤ | ᠥᠬᠡᠶ ᠪᠠᠷ ᠨᠡᠶᠢᠲᠡᠯᠡᠬᠦ ᠲᠣᠭᠲᠠᠴᠠ ᠶᠢ ᠪᠠᠶᠢᠭᠤᠯᠤᠨ᠎ᠠ᠃ ᠬᠦᠨᠳᠦ ᠶᠡᠭᠡ ᠴᠠᠭ ᠠᠭᠤᠷ ᠤᠨ ᠭᠠᠮᠰᠢᠭ ᠤᠨ | ᠰᠡᠷᠡᠮᠵᠢᠯᠡᠭᠦᠯᠬᠦ ᠮᠡᠳᠡᠭᠡ ᠵᠠᠩᠭᠢ ᠶᠢᠨ ︽ᠬᠠᠷᠢᠭᠤ ᠥᠭᠬᠦ︾ ᠲᠣᠭᠲᠠᠴᠠ ᠶᠢ ᠨᠠᠶᠢᠳᠠᠪᠤᠷᠢᠵᠢᠭᠤᠯᠵᠤ᠂ ᠴᠠᠭ | ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠨᠡᠶᠢᠲᠡᠯᠡᠬᠦ ᠶᠢ | ᠠᠬᠢᠭᠤᠯᠤᠨ᠎ᠠ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ | ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠰᠢᠯᠵᠢᠮᠡᠯ ᠬᠤᠯᠪᠣᠭᠠᠨ ᠤ ᠺᠣᠮᠫᠠᠨᠢ᠂ ᠬᠤᠯᠪᠣᠭᠠᠯᠠᠨ ᠨᠡᠪᠲᠡᠷᠡᠯᠴᠡᠬᠦ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ ︵ᠬᠤᠶᠠᠷ︶ ᠠᠮᠢ | ᠠᠬᠤᠶ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠴᠠᠭ ᠠᠭᠤᠷ ᠤᠨ ᠪᠣᠬᠢᠷᠲᠤᠯ ᠥᠬᠡᠶ ᠬᠥᠭᠵᠢᠯᠲᠡ ᠳᠤ ᠦᠢᠯᠡᠴᠢᠯᠡᠬᠦ ᠪᠠᠲᠤᠯᠠᠭ᠎ᠠ ᠶᠢᠨ ᠦᠢᠯᠡᠳᠦᠯ ᠢ | ᠪᠠᠳᠠᠷᠠᠭᠤᠯᠤᠨ᠎ᠠ᠃ | 4. ᠠᠮᠢ ᠠᠬᠤᠶ ᠶᠢᠨ ᠰᠢᠰᠲ᠋ᠧᠮ ᠢ ᠬᠠᠮᠠᠭᠠᠯᠠᠵᠤ ᠰᠡᠷᠭᠦᠭᠡᠬᠦ ᠴᠠᠭ ᠠᠭᠤᠷ ᠤᠨ ᠦᠢᠯᠡᠴᠢᠯᠡᠭᠡ ᠶᠢ | ᠴᠢᠩᠭᠠᠳᠬᠠᠨ᠎ᠠ᠃ ︽ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠠᠶᠢᠮᠠᠭ︾ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ᠎ᠡ᠃ ︽ᠠᠭᠤᠯᠠ | ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠡᠪᠡᠰᠦ ᠡᠯᠡᠰᠦ︾ ᠶᠢᠨ ᠰᠢᠰᠲ᠋ᠧᠮ ᠤᠨ ᠠᠮᠢ ᠠᠬᠤᠶ ᠶᠢ ᠬᠠᠮᠠᠭᠠᠯᠠᠨ | ᠰᠡᠷᠭᠦᠭᠡᠬᠦ ᠶᠢᠨ ᠲᠣᠭᠤᠷᠢᠨ ᠳᠤ᠂ ᠣᠭᠲᠠᠷᠭᠤᠶ ᠪᠠ ᠭᠠᠵᠠᠷ ᠣᠷᠣᠨ ᠢ ᠨᠢᠭᠡ ᠴᠤᠭᠴᠠᠵᠢᠭᠤᠯᠤᠭᠰᠠᠨ ᠪᠥᠬᠦ ᠣᠷᠣᠨ | ᠪᠦᠰᠡ ᠶᠢᠨ ᠠᠮᠢ ᠠᠬᠤᠶ ᠶᠢᠨ ᠴᠠᠭ ᠠᠭᠤᠷ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠬᠢᠨᠠᠨ ᠬᠡᠮᠵᠢᠬᠦ ᠥᠷᠲᠡᠭᠡ | ᠲᠣᠤᠷ ᠢ ᠬᠠᠮᠲᠤᠷᠠᠨ ᠪᠠᠶᠢᠭᠤᠯᠵᠤ᠂ ᠠᠮᠢ ᠠᠬᠤᠶ ᠶᠢᠨ ᠴᠠᠭ ᠠᠭᠤᠷ ᠪᠠ ᠠᠯᠤᠰ ᠰᠡᠷᠡᠯ ᠤᠨ ᠬᠡᠷᠡᠭᠯᠡᠭᠡᠨ ᠤ | ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠮᠢ ᠠᠬᠤᠶ ᠶᠢᠨ ᠰᠡᠷᠭᠡᠭ ᠣᠷᠣᠨ ᠪᠠ ᠬᠡᠪᠡᠷᠡᠭ | ᠣᠷᠣᠨ ᠳᠤ ᠠᠮᠢ ᠠᠬᠤᠶ ᠶᠢᠨ ᠴᠠᠭ ᠠᠭᠤᠷ ᠢ ᠬᠢᠨᠠᠨ ᠬᠡᠮᠵᠢᠵᠦ ᠦᠨᠡᠯᠡᠨ ᠵᠢᠱᠢᠬᠦ ᠦᠢᠯᠡᠴᠢᠯᠡᠭᠡ ᠶᠢ ᠦᠷᠭᠦᠯᠵᠢᠯᠡᠨ | ᠥᠷᠨᠢᠭᠦᠯᠵᠦ᠂ ᠲᠦᠢᠯ ᠤᠨ ᠠᠭᠤᠷ ᠠᠮᠢᠰᠬᠤᠯ ᠤᠨ ᠬᠡᠷᠡᠭ ᠪᠠ ᠴᠠᠭ ᠠᠭᠤᠷ ᠤᠨ ᠭᠠᠮᠰᠢᠭ ᠤᠨ ᠠᠮᠢ ᠠᠬᠤᠶ ᠶᠢᠨ | ᠠᠮᠤᠷ ᠲᠦᠪᠰᠢᠨ ᠳᠤ ᠦᠵᠡᠭᠦᠯᠬᠦ ᠨᠥᠯᠥᠭᠡ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠶᠡᠷᠦᠩᠬᠡᠶᠢᠯᠡᠭᠰᠡᠨ ᠴᠠᠭ ᠠᠭᠤᠷ ᠤᠨ | ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠢ ᠲᠠᠰ ᠳᠡᠪᠰᠢᠭᠦᠯᠦᠨ᠎ᠡ᠃ ︵ᠠᠶᠢᠮᠠᠭ ᠤᠨ ᠴᠠᠭ ᠠᠭᠤᠷ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠶᠢᠨ | ᠣᠷᠴᠢᠨ ᠲᠣᠭᠤᠷᠢᠨ ᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ | ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 5. ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠴᠠᠭ ᠠᠭᠤᠷ ᠤᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠤᠨ ᠴᠠᠭ ᠠᠭᠤᠷ ᠤᠨ ᠨᠥᠬᠦᠴᠡᠯ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠪᠣᠬᠢᠷ ᠮᠠᠨᠠᠨ᠂ ᠡᠯᠡᠰᠦᠨ | ᠰᠢᠭᠤᠷᠭ᠎ᠠ ᠵᠡᠷᠭᠡ ᠬᠦᠨᠳᠦ ᠪᠣᠬᠢᠷᠲᠤᠯ ᠲᠠᠢ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ | ᠲᠤᠬᠠᠶᠢᠯᠠᠭᠰᠠᠨ ᠠᠵᠢᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ | ᠨᠢᠭᠤᠭᠳᠠᠮᠠᠯ ᠪᠠᠶᠢᠳᠠᠯ ᠢ ᠵᠠᠳᠠᠯᠤᠨ ᠰᠤᠳᠤᠯᠬᠤ ᠠᠵᠢᠯ ᠢ ᠥᠷᠨᠢᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠢ | ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠴᠠᠭ ᠠᠭᠤᠷ ᠬᠢᠭᠡᠳ | ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ | ᠵᠥᠪᠳᠡᠯᠴᠡᠨ ᠰᠤᠳᠤᠯᠵᠤ ᠮᠠᠭᠠᠳᠯᠠᠬᠤ ᠪᠠ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠣᠭᠠᠯᠠᠨ ᠬᠥᠳᠡᠯᠦᠯᠴᠡᠬᠦ ᠶᠢ | ᠴᠢᠩᠭᠠᠳᠬᠠᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠰᠠᠭᠤᠷᠢ ᠰᠤᠳᠤᠯᠭᠠᠨ ᠢ ᠬᠠᠮᠲᠤᠷᠠᠨ | ᠥᠷᠨᠢᠭᠦᠯᠵᠦ᠂ ᠣᠷᠴᠢᠨ ᠲᠣᠭᠤᠷᠢᠨ ᠤ ᠴᠠᠭ ᠠᠭᠤᠷ ᠤᠨ ᠬᠢᠨᠠᠨ ᠬᠡᠮᠵᠢᠯᠲᠡ ᠶᠢᠨ ᠦᠷᠳᠡᠭᠡ ᠲᠣᠣᠷ ᠤᠨ | ᠪᠠᠶᠢᠭᠤᠯᠤᠯᠲᠠ ᠶᠢ ᠬᠠᠮᠲᠤᠪᠠᠷ ᠠᠬᠢᠭᠤᠯᠤᠨ᠎ᠠ᠃ ᠠᠭᠠᠷ ᠮᠠᠨᠳᠠᠯ ᠤᠨ ᠪᠦᠷᠢᠯᠳᠦᠬᠦᠨ ᠢ ᠬᠢᠨᠠᠨ ᠬᠡᠮᠵᠢᠬᠦ᠂ ᠳᠠᠭᠠᠭᠤᠯᠢ | ᠤᠳᠤᠨ ᠤ ᠠᠯᠤᠰ ᠰᠡᠷᠡᠯ ᠤᠨ ᠲᠤᠭ᠎ᠠ ᠪᠠᠷᠢᠮᠲᠠ ᠶᠢ ᠵᠠᠳᠠᠯᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠠᠭᠠᠷ | ᠮᠠᠨᠳᠠᠯ ᠤᠨ ᠪᠣᠬᠢᠷᠲᠤᠯ ᠢ ᠵᠠᠳᠠᠯᠬᠤ ᠪᠠ ᠰᠡᠷᠭᠡᠶᠢᠯᠡᠨ ᠵᠠᠰᠠᠭᠰᠠᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ | ᠥᠷᠨᠢᠭᠦᠯᠦᠨ᠎ᠡ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 6. ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠬᠤ ᠴᠢᠳᠠᠪᠤᠷᠢ ᠶᠢ ᠴᠢᠩᠭᠠᠳᠬᠠᠨ᠎ᠠ᠃ ᠬᠦᠯᠡᠮᠵᠢ ᠶᠢᠨ ᠬᠡᠢ ᠪᠡᠶᠡᠲᠦ ᠶᠢ ᠬᠢᠨᠠᠨ ᠬᠡᠮᠵᠢᠬᠦ ᠦᠷᠳᠡᠭᠡ ᠶᠢᠨ | ᠲᠣᠣᠷ ᠢ ᠬᠠᠮᠲᠤᠪᠠᠷ ᠪᠠᠶᠢᠭᠤᠯᠵᠤ᠂ ᠨᠡᠭᠦᠷᠡᠰᠦᠲᠥ᠋ᠷᠥᠭᠴᠢ ᠶᠢᠨ ᠥᠨᠳᠥᠷ ᠤᠷᠬᠢᠯ ᠳᠤ ᠬᠦᠷᠬᠦ | ᠨᠡᠭᠦᠷᠡᠰᠦᠲᠥ᠋ᠷᠥᠭᠴᠢ ᠶᠢᠨ ᠳᠤᠮᠳᠠ ᠪᠠ ᠬᠢᠨᠠᠨ ᠬᠡᠮᠵᠢᠵᠦ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠥᠷᠨᠢᠭᠦᠯᠦᠨ᠎ᠡ | ᠃ ᠠᠭᠤᠷ ᠠᠮᠢᠰᠬᠤᠯ ᠤᠨ ᠬᠤᠪᠢᠷᠠᠯᠲᠠ ᠶᠢᠨ ᠬᠢᠩᠭᠠᠨ ᠠᠶᠢᠮᠠᠭ ᠤᠨ ᠣᠶ ᠰᠢᠭᠤᠶ᠂ ᠴᠢᠭᠢᠭᠯᠢᠭ ᠭᠠᠵᠠᠷ ᠵᠡᠷᠭᠡ | ᠠᠳᠠᠯᠢ ᠪᠤᠰᠤ ᠠᠮᠢ ᠠᠬᠤᠶ ᠶᠢᠨ ᠰᠢᠰᠲ᠋ᠧᠮ ᠤᠨ ᠲᠥᠷᠥᠯ ᠬᠡᠯᠪᠡᠷᠢ ᠳᠤ ᠦᠵᠡᠭᠦᠯᠬᠦ ᠨᠥᠯᠥᠭᠡ ᠶᠢ ᠦᠨᠡᠯᠡᠨ ᠵᠢᠱᠢᠵᠦ | ᠵᠠᠳᠠᠯᠤᠯᠲᠠ ᠬᠢᠬᠦ ᠶᠢ ᠴᠢᠩᠭᠠᠳᠬᠠᠨ᠎ᠠ᠃ ᠰᠠᠯᠬᠢᠨ ᠡᠨᠧᠷᠭᠢ᠂ ᠨᠡᠷᠡᠨ ᠡᠨᠧᠷᠭᠢ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ | ᠢᠨᠵᠧᠨᠧᠷᠢᠩ᠂ ᠴᠢᠬᠤᠯᠠ ᠶᠡᠭᠡ ᠣᠷᠣᠨ ᠪᠦᠰᠡ ᠶᠢᠨ ᠴᠢᠨᠠᠷᠲᠠᠶ ᠠᠵᠤ ᠠᠬᠤᠶ ᠶᠢᠨ ᠨᠡᠭᠡᠭᠡᠨ ᠬᠥᠭᠵᠢᠭᠦᠯᠦᠯᠲᠡ᠂ | ᠭᠤᠣᠯᠳᠠᠯᠭ᠎ᠠ ᠲᠠᠢ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠣᠷᠣᠨ ᠪᠦᠰᠡ ᠶᠢᠨ | ᠠᠭᠤᠷ ᠠᠮᠢᠰᠬᠤᠯ ᠤᠨ ᠪᠣᠯᠤᠮᠵᠢᠲᠤ ᠴᠢᠨᠠᠷ ᠢ ᠨᠤᠲᠠᠯᠠᠬᠤ ᠠᠵᠢᠯ ᠢ ᠬᠡᠷᠡᠭᠵᠢᠭᠦᠯᠦᠨ᠎ᠡ᠃ ︵ᠠᠶᠢᠮᠠᠭ ᠤᠨ ᠴᠠᠭ | ᠠᠭᠤᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠬᠠᠷᠢᠭᠤᠴᠠᠨ᠎ᠠ︶ | ︵ᠭᠤᠷᠪᠠ︶ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠬᠡᠷᠡᠭᠵᠢᠭᠦᠯᠦᠯᠲᠡ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠳᠠ ᠶᠢ ᠴᠢᠩᠭᠠᠳᠬᠠᠨ᠎ᠠ | 7᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠠᠭᠤᠷ ᠤᠨ ᠦᠢᠯᠡᠴᠢᠯᠡᠭᠡᠨ ᠤ | ᠪᠠᠲᠤᠯᠠᠭ᠎ᠠ ᠶᠢ ᠰᠠᠶᠢᠲᠤᠷ ᠭᠠᠩ ᠬᠠᠭᠰᠠᠷᠭᠠᠨ᠂ ᠬᠢᠷᠠᠭᠤ ᠬᠥᠯᠳᠡᠭᠦᠦ᠂ ᠶᠡᠭᠡ ᠰᠠᠯᠬᠢ᠂ ᠴᠠᠰᠤᠨ ᠵᠤᠳ ᠵᠡᠷᠭᠡ ᠭᠤᠣᠯ | ᠪᠣᠯᠬᠤ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠣᠷᠣᠨ | ᠬᠤᠪᠢᠶᠠᠷᠢᠯᠠᠯ ᠢ ᠦᠢᠯᠡᠳᠬᠦ ᠬᠡᠷᠡᠭᠲᠡᠶ᠃ ᠡᠷᠳᠡᠨᠢ ᠰᠢᠰᠢ᠂ ᠤᠰᠤᠨ ᠲᠤᠲᠤᠷᠭ᠎ᠠ᠂ ᠰᠢᠷ᠎ᠠ ᠪᠤᠷᠴᠠᠭ ᠵᠡᠷᠭᠡ ᠭᠤᠤᠯ | ᠪᠣᠯᠬᠤ ᠲᠠᠷᠢᠮᠠᠯ ᠪᠣᠯᠤᠨ ᠦᠬᠡᠷ ᠬᠤᠨᠢᠨ ᠤ ᠲᠡᠵᠢᠭᠡᠯ ᠡᠪᠡᠰᠦ ᠪᠣᠷᠳᠣᠭᠠᠨ ᠳᠤ ᠴᠢᠭᠯᠡᠭᠦᠯᠦᠨ᠂ ᠳᠠᠷᠢᠬᠤ ᠠᠭᠤᠷ | ᠠᠮᠢᠰᠬᠤᠯ ᠤᠨ ᠣᠷᠣᠨ ᠤ ᠬᠤᠪᠢᠶᠠᠷᠢᠯᠠᠯ ᠢ ᠨᠠᠷᠢᠯᠢᠬᠵᠢᠭᠤᠯᠤᠨ ᠨᠠᠶᠢᠷᠠᠭᠤᠯᠤᠨ ᠵᠣᠬᠢᠶᠠᠵᠤ᠂ ᠲᠠᠷᠢᠶᠠᠯᠠᠩ ᠮᠠᠯ ᠠᠵᠤ | ᠠᠬᠤᠶ ᠶᠢᠨ ᠠᠵᠤ ᠦᠢᠯᠡᠰ ᠤᠨ ᠪᠦᠲᠦᠴᠡ ᠶᠢ ᠳᠣᠭᠢᠷᠠᠭᠤᠯᠬᠤ᠂ ᠠᠮᠤ ᠪᠤᠳᠠᠭ᠎ᠠ ᠪᠣᠯᠤᠨ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠳᠠᠯᠳᠠ ᠬᠦᠴᠦᠨ ᠢ ᠠᠭᠤᠳᠠᠯᠬᠤ ᠳᠤ ᠰᠢᠨᠵᠢᠯᠡᠬᠦ ᠤᠬᠠᠭᠠᠨ | ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ ᠴᠠᠭ ᠠᠭᠤᠷ ᠢ | ᠰᠤᠳᠤᠯᠤᠨ ᠨᠡᠭᠡᠭᠡᠬᠦ ᠨᠢ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠡᠷᠡᠭᠦᠯᠵᠢᠯ ᠰᠤᠪᠢᠯᠠᠯᠲᠠ ᠶᠢᠨ ᠠᠵᠤ | ᠦᠢᠯᠡᠰ ᠬᠢᠭᠡᠳ ᠠᠭᠤᠷ ᠠᠮᠢᠰᠬᠤᠯ ᠤᠨ ᠡᠬᠢ ᠪᠠᠶᠠᠯᠢᠭ ᠤᠨ ᠠᠭᠤᠰᠤᠯᠴᠠᠯ ᠢ ᠠᠬᠢᠭᠤᠯᠵᠤ᠂ ︽ᠪᠠᠶᠢᠭᠠᠯᠢ ᠶᠢᠨ | ᠬᠦᠴᠢᠯᠲᠥ᠋ᠷᠥᠭᠴᠢ ᠶᠢᠨ ᠪᠠᠭᠠᠷ︾᠂ ︽ᠵᠤᠰᠠᠯᠠᠩ ᠤᠨ ᠵᠢᠭᠤᠯᠴᠢᠯᠠᠯ ᠤᠨ ᠵᠣᠷᠢᠭᠰᠠᠨ ᠭᠠᠵᠠᠷ︾ ᠵᠡᠷᠭᠡ ᠤᠯᠤᠰ ᠤᠨ | ᠠᠭᠤᠷ ᠠᠮᠢᠰᠬᠤᠯ ᠤᠨ ᠪᠡᠯᠭᠡ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢ ᠤᠬᠠᠭᠤᠯᠤᠨ ᠲᠠᠨᠢᠯᠴᠠᠭᠤᠯᠵᠤ᠂ | ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠠᠲᠤ ᠵᠢᠭᠤᠯᠴᠢᠯᠠᠯ ᠤᠨ ᠵᠣᠷᠢᠭᠰᠠᠨ ᠭᠠᠵᠠᠷ ᠢ ᠪᠣᠶ ᠪᠣᠯᠭᠠᠬᠤ ᠳᠤ | ᠬᠦᠴᠦᠨ ᠨᠡᠮᠡᠷᠢᠯᠡᠨ᠎ᠡ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 8. ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠥᠳᠥᠭᠡᠨ ᠪᠠᠶᠢᠭᠤᠯᠤᠯᠲᠠ ᠳᠤ ᠦᠢᠯᠡᠴᠢᠯᠡᠨ᠎ᠡ᠃ ᠤᠯᠤᠰ ᠤᠨ ᠴᠢᠬᠤᠯᠠ ᠲᠠᠷᠢᠶᠠᠯᠠᠩ ᠤᠨ | ᠪᠦ᠋ᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ | ᠬᠦᠴᠦᠨ ᠨᠡᠮᠡᠷᠢᠯᠡᠬᠦ ᠶᠢᠨ ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠦᠢᠯᠡᠴᠢᠯᠡᠭᠡᠨ ᠤ | ᠬᠠᠮᠲᠤᠷᠠᠯᠴᠠᠨ ᠰᠣᠯᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠠᠷᠢᠶᠠᠯᠠᠩ ᠳᠤ ᠬᠤᠯᠪᠣᠭᠳᠠᠬᠤ | ᠰᠠᠯᠠᠭ᠎ᠠ ᠮᠥᠴᠢᠷ ᠤᠨ ᠠᠵᠢᠯ ᠤᠨ ᠨᠠᠷᠢᠯᠢᠬᠵᠢᠭᠤᠯᠤᠭᠰᠠᠨ᠂ ᠵᠤᠷᠰᠢᠯᠵᠢᠭᠤᠯᠤᠭᠰᠠᠨ᠂ ᠰᠢᠭᠤᠳ ᠨᠡᠪᠲᠡᠷᠡᠬᠦ | ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠤᠨ ᠦᠢᠯᠡᠴᠢᠯᠡᠭᠡᠨ ᠢ ᠬᠥᠭᠵᠢᠭᠦᠯᠦᠨ᠎ᠡ᠃ ᠲᠠᠷᠢᠶᠠᠯᠠᠩ | ᠮᠠᠯ ᠠᠵᠤ ᠠᠬᠤᠶ ᠶᠢᠨ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ᠲᠤᠬᠢᠷᠠᠬᠤ ᠮᠡᠷᠭᠡᠵᠢᠯ ᠤᠨ | ᠰᠤᠳᠤᠯᠤᠯ ᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ ᠲᠤ ᠲᠤᠬᠢᠷᠠᠬᠤ ᠮᠡᠷᠭᠡᠵᠢᠯ ᠢ | ᠳᠡᠯᠭᠡᠷᠡᠭᠦᠯᠦᠨ ᠬᠡᠷᠡᠭᠯᠡᠬᠦ ᠶᠢ ᠲᠥᠯᠬᠢᠨ ᠠᠬᠢᠭᠤᠯᠤᠨ᠎ᠠ᠃ ︽ᠨᠠᠷᠠᠲᠤ ᠰᠢᠯᠢᠳᠡᠭ ᠣᠨᠴᠠ︾ ᠪᠣᠬᠢᠷᠲᠤᠯ ᠥᠬᠡᠶ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠭᠤᠷ ᠠᠮᠢᠰᠬᠤᠯ ᠤᠨ ᠶᠠᠰᠤ ᠴᠢᠨᠠᠷ ᠤᠨ | ᠭᠡᠷᠡᠴᠢᠯᠡᠭᠡ ᠶᠢ ᠴᠢᠩᠭᠠᠳᠬᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠴᠠᠭ ᠠᠭᠤᠷ ᠤᠨ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃ ᠴᠠᠭ ᠠᠭᠤᠷ ᠤᠨ ᠨᠥᠬᠦᠴᠡᠯ ᠠᠴᠠ | ᠲᠥᠬᠦᠭᠡᠷᠦᠮᠵᠢ ᠶᠢᠨ ᠲᠠᠷᠢᠶᠠᠯᠠᠩ ᠢ ᠨᠥᠯᠥᠭᠡᠯᠡᠬᠦ ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ᠃ ︵ᠠᠶᠢᠮᠠᠭ ᠤᠨ | ᠴᠠᠭ ᠠᠭᠤᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ ︵ᠳᠥᠷᠪᠡ︶ ᠬᠥᠮᠦᠨ ᠤ ᠬᠦᠴᠦ ᠪᠠᠷ | ᠴᠠᠭ ᠠᠭᠤᠷ ᠢ ᠨᠥᠯᠥᠭᠡᠯᠡᠬᠦ ᠠᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠰᠢᠭ ᠬᠠᠷᠠᠨ | ᠬᠤᠤᠷ ᠠᠴᠠ ᠵᠠᠶᠢᠯᠠᠬᠤ ᠦᠢᠯᠡᠴᠢᠯᠡᠭᠡᠨ ᠤ ᠪᠠᠲᠤᠯᠠᠭ᠎ᠠ ᠶᠢᠨ ᠦᠷ᠎ᠡ ᠠᠰᠢᠭ ᠢ ᠪᠠᠳᠠᠷᠠᠭᠤᠯᠤᠨ᠎ᠠ᠃ | 9. ᠬᠥᠮᠦᠨ ᠤ ᠰᠡᠭᠦᠳᠡᠷ ᠤᠨ ᠳᠠᠰᠬᠠᠯ ᠤᠨ ᠨᠠᠷᠢᠯᠢᠭ ᠣᠨᠣᠪᠴᠢᠲᠤ ᠴᠢᠨᠠᠷ ᠪᠠ ᠰᠢᠨᠵᠢᠯᠡᠬᠦ ᠤᠬᠠᠭᠠᠨᠴᠢ | ᠴᠢᠨᠠᠷ ᠢ ᠳᠡᠭᠡᠭᠰᠢᠯᠡᠭᠦᠯᠦᠨ᠎ᠡ᠃ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠭᠠᠵᠠᠷ ᠳᠡᠭᠡᠷ᠎ᠡ ᠠᠵᠢᠯᠯᠠᠬᠤ | ᠥᠷᠲᠡᠭᠡ ᠴᠡᠭ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ ᠬᠥᠮᠦᠨ ᠤ ᠬᠦᠴᠦ ᠪᠠᠷ ᠴᠠᠭ ᠠᠭᠤᠷ ᠢ | ᠨᠥᠯᠥᠭᠡᠯᠡᠬᠦ ᠠᠵᠢᠯ ᠤᠨ ᠵᠢᠯᠣᠭᠤᠳᠬᠤ ᠰᠢᠰᠲ᠋ᠧᠮ᠂ ᠬᠠᠷᠠᠭᠠᠨ ᠳᠠᠪᠲᠠᠮᠵᠢ ᠪᠠᠷ ᠵᠥᠪᠳᠡᠯᠴᠡᠬᠦ ᠰᠢᠰᠲ᠋ᠧᠮ ᠢ | ᠲᠡᠭᠦᠯᠳᠡᠷᠵᠢᠭᠦᠯᠦᠨ᠎ᠡ᠃ ᠷᠠᠳᠠᠷ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠣᠨᠴᠠ ᠲᠥᠷᠥᠯ ᠤᠨ | ᠠᠵᠢᠭᠯᠠᠯᠲᠠ ᠶᠢᠨ ᠮᠠᠲ᠋ᠧᠷᠢᠶᠠᠯ᠂ ᠳᠠᠭᠠᠭᠤᠯᠢ ᠣᠲᠣ᠂ ᠠᠭᠠᠷ ᠬᠠᠶᠢᠬᠤ ᠪᠠ ᠠᠦ᠋ᠲ᠋ᠣ᠋ ᠴᠠᠭ ᠠᠭᠤᠷ ᠤᠨ ᠥᠷᠲᠡᠭᠡ | ᠵᠡᠷᠭᠡ ᠲᠤᠬᠠᠶ ᠶᠢᠨ ᠴᠠᠭ ᠤᠨ ᠬᠠᠶᠢᠨ ᠬᠡᠮᠵᠢᠯᠲᠡ ᠶᠢᠨ ᠮᠠᠲ᠋ᠧᠷᠢᠶᠠᠯ ᠤᠨ ᠬᠡᠷᠡᠭᠯᠡᠯᠲᠡ ᠶᠢ ᠴᠢᠩᠭᠠᠳᠬᠠᠵᠤ᠂ ᠬᠥᠮᠦᠨ ᠤ | ᠬᠦᠴᠦ ᠪᠠᠷ ᠴᠠᠭ ᠠᠭᠤᠷ ᠢ ᠨᠥᠯᠥᠭᠡᠯᠡᠬᠦ ᠳᠠᠯᠳᠠ ᠪᠠᠶᠢᠳᠠᠯ ᠢ ᠤᠷᠢᠳᠴᠢᠯᠠᠨ ᠮᠡᠳᠡᠭᠡᠯᠡᠬᠦ ᠪᠠ ᠠᠵᠢᠯᠯᠠᠬᠤ | ᠭᠦᠢᠴᠡᠳᠭᠡᠯ ᠲᠤᠭ᠎ᠠ ᠶᠢᠨ ᠰᠤᠳᠤᠯᠭᠠᠨ ᠢ ᠭᠦᠨᠵᠡᠭᠡᠶᠢᠷᠡᠭᠦᠯᠦᠨ᠂ ᠬᠥᠮᠦᠨ ᠤ ᠰᠡᠭᠦᠳᠡᠷ ᠢᠶᠠᠷ ᠠᠵᠢᠯᠯᠠᠬᠤ ᠶᠢᠨ | ᠨᠠᠷᠢᠯᠢᠭ ᠣᠨᠣᠪᠴᠢᠲᠤ ᠴᠢᠨᠠᠷ ᠪᠠ ᠰᠢᠨᠵᠢᠯᠡᠬᠦ ᠤᠬᠠᠭᠠᠨᠴᠢ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭᠠᠨ ᠳᠤ᠂ ᠬᠤᠭᠤᠰᠣᠨ | ᠭᠠᠵᠠᠷ ᠢ ᠨᠢᠭᠡ ᠴᠣᠠᠠᠴᠠᠵᠢᠭᠤᠯᠥᠨ ᠠᠮᠢ ᠠᠬᠤᠶ ᠶᠢ ᠰᠡᠷᠭᠦᠭᠡᠬᠦ ᠬᠡᠯᠪᠡᠷᠢ ᠶᠢᠨ ᠬᠥᠮᠦᠨ ᠤ ᠬᠦᠴᠦ ᠪᠠᠷ ᠪᠣᠷᠣᠭᠠᠨ ︵ | ᠴᠠᠰᠤ︶ ᠨᠡᠮᠡᠭᠳᠡᠭᠦᠯᠬᠦ ᠪᠠᠶᠢᠩᠭᠤᠵᠢᠭᠤᠯᠬᠤ ᠠᠵᠢᠯ ᠢ ᠥᠷᠨᠢᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ | ᠰᠡᠷᠭᠡᠶᠢᠯᠡᠨ ᠭᠠᠯ ᠤᠨᠲᠠᠷᠠᠭᠠᠬᠤ᠂ ᠴᠢᠬᠤᠯᠠ ᠶᠡᠭᠡ ᠨᠡᠶᠢᠭᠡᠮ ᠤᠨ ᠠᠵᠢᠯᠯᠠᠭ᠎ᠠ ᠶᠢᠨ ᠪᠠᠲᠤᠯᠠᠭ᠎ᠠ᠂ ᠭᠠᠩ ᠲᠠᠢ | ᠲᠡᠮᠡᠴᠡᠵᠦ ᠭᠠᠮᠰᠢᠭ ᠢ ᠪᠠᠭᠠᠰᠬᠠᠬᠤ ᠵᠡᠷᠭᠡ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠᠴᠢᠮ ᠪᠠᠶᠢᠳᠠᠯ ᠢ | ᠠᠷᠭᠠᠴᠠᠬᠤ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠣᠷᠣᠨ ᠪᠦᠰᠡ ᠠᠯᠤᠰᠯᠠᠨ | ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠤᠨ᠎ᠠ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠯᠠᠭᠠᠨᠬᠤᠲᠠ ᠶᠢᠨ | ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠬᠤᠪᠢᠶᠠᠷᠢ ᠺᠣᠮᠫᠠᠨᠢ᠂ ᠬᠢᠩᠭᠠᠨ ᠴᠡᠷᠢᠭ ᠤᠨ | ᠬᠤᠪᠢᠶᠠᠷᠢ ᠲᠣᠭᠤᠷᠢᠭ ᠤᠨ ᠪᠠᠶᠢᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠭᠠᠵᠠᠷ᠂ ᠵᠡᠪᠰᠡᠭᠲᠦ ᠴᠠᠭᠳᠠᠭ᠎ᠠ ᠶᠢᠨ | ᠬᠢᠩᠭᠠᠨ ᠰᠠᠯᠪᠤᠷᠢ ᠠᠩᠭᠢ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ | ︶ | 10. ᠠᠮᠤᠷ ᠲᠦᠪᠰᠢᠨ ᠢᠶᠠᠷ ᠠᠵᠢᠯᠯᠠᠬᠤ ᠪᠠ ᠬᠢᠨᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠭᠰᠡᠨ᠂ ᠴᠡᠷᠢᠭ | ᠠᠩᠭᠢ ᠪᠠ ᠣᠷᠣᠨ ᠨᠤᠲᠤᠭ ᠬᠠᠮᠵᠢᠯᠴᠠᠭᠰᠠᠨ᠂ ᠴᠤᠭᠭᠠᠷ ᠠᠳᠬᠤᠵᠤ ᠬᠠᠮᠲᠤᠪᠠᠷ ᠬᠠᠮᠢᠶᠠᠷᠤᠭᠰᠠᠨ ᠬᠥᠮᠦᠨ ᠤ | ᠬᠦᠴᠦ ᠪᠠᠷ ᠴᠠᠭ ᠠᠭᠤᠷ ᠢ ᠨᠥᠯᠥᠭᠡᠯᠡᠬᠦ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ | ᠲᠡᠭᠦᠯᠳᠡᠷᠵᠢᠭᠦᠯᠦᠨ᠎ᠡ᠃ ᠠᠵᠢᠯᠯᠠᠬᠤ ᠴᠡᠭ ᠢ ᠪᠠᠷᠢᠮᠵᠢᠶᠠᠵᠢᠭᠤᠯᠤᠨ ᠥᠭᠡᠷᠡᠴᠢᠯᠡᠬᠦ᠂ ᠠᠵᠢᠯᠯᠠᠬᠤ ᠲᠣᠨᠤᠭ | ᠲᠥᠬᠦᠭᠡᠷᠦᠮᠵᠢ ᠶᠢ ᠤᠶᠤᠨᠴᠢᠯᠠᠨ ᠥᠭᠡᠷᠡᠴᠢᠯᠡᠬᠦ ᠪᠠ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠲᠦᠷᠭᠡᠳᠬᠡᠵᠦ᠂ ᠠᠮᠤᠷ ᠲᠦᠪᠰᠢᠨ ᠢᠶᠠᠷ ᠠᠵᠢᠯᠯᠠᠬᠤ ᠴᠢᠳᠠᠪᠤᠷᠢ ᠶᠢ ᠪᠦᠲᠦᠮᠵᠢᠲᠡᠶ | ᠳᠡᠭᠡᠭᠰᠢᠯᠡᠭᠦᠯᠦᠨ᠎ᠡ᠃ ᠬᠥᠮᠦᠨ ᠤ ᠰᠡᠭᠦᠳᠡᠷ ᠤᠨ ᠲᠣᠨᠣᠭᠯᠠᠯ ᠤᠨ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ | ᠪᠠ ᠲᠡᠶᠢᠷᠦᠯᠲᠦ ᠰᠤᠮᠤ ᠶᠢᠨ ᠪᠣᠷᠣᠭᠠᠨ ᠨᠡᠮᠡᠭᠳᠡᠭᠦᠯᠬᠦ ᠠᠵᠢᠯ ᠢ ᠬᠢᠨᠠᠨ ᠡᠵᠡᠮᠳᠡᠵᠦ ᠵᠢᠯᠣᠭᠤᠳᠬᠤ ᠰᠢᠰᠲ᠋ᠧᠮ ᠢ | ᠪᠠᠶᠢᠭᠤᠯᠤᠨ᠎ᠠ᠃ ᠤᠯᠠᠨ ᠰᠠᠯᠠᠭ᠎ᠠ ᠮᠥᠴᠢᠷ ᠬᠤᠯᠪᠣᠭᠠᠯᠠᠭᠰᠠᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ᠎ᠠ᠃ ᠥᠷᠲᠡᠭᠡ ᠴᠡᠭ᠂ ᠲᠣᠨᠤᠭ ᠲᠥᠬᠦᠭᠡᠷᠦᠮᠵᠢ᠂ ᠠᠵᠢᠯᠲᠠᠨ᠂ ᠰᠤᠮᠤ ᠳᠠᠷᠢ ᠵᠡᠷᠭᠡ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ | ᠴᠢᠩᠭᠠᠳᠬᠠᠵᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠲᠤᠷᠠᠭᠰᠠᠨ ᠪᠠᠶᠢᠴᠠᠭᠠᠯᠲᠠ ᠪᠠ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ︵ᠠᠶᠢᠮᠠᠭ ᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠴᠠᠭ | ᠠᠭᠤᠷ ᠤᠨ ᠲᠣᠪᠴᠢᠶ᠎ᠠ᠂ ᠤᠯᠠᠭᠠᠨᠬᠤᠲᠠ ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ | ᠬᠤᠪᠢᠶᠠᠷᠢ ᠺᠣᠮᠫᠠᠨᠢ᠂ ᠬᠢᠩᠭᠠᠨ ᠴᠡᠷᠢᠭ ᠤᠨ ᠬᠤᠪᠢᠶᠠᠷᠢ ᠲᠣᠭᠤᠷᠢᠭ ᠤᠨ ᠪᠠᠶᠢᠯᠳᠤᠭᠠᠨ ᠤ ᠪᠥᠲᠥᠭᠡᠨ | ᠪᠠᠶᠢᠭᠤᠯᠤᠯᠲᠠ ᠶᠢᠨ ᠭᠠᠵᠠᠷ᠂ ᠵᠡᠪᠰᠡᠭᠲᠦ ᠴᠠᠭᠳᠠᠭ᠎ᠠ ᠶᠢᠨ ᠬᠢᠩᠭᠠᠨ ᠰᠠᠯᠪᠤᠷᠢ ᠠᠩᠭᠢ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ ︵ᠲᠠᠪᠤ︶ ᠣᠯᠠᠨ ᠨᠡᠶᠢᠲᠡ ᠶᠢᠨ ᠴᠠᠭ ᠠᠭᠤᠷ ᠤᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ | ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | 11. ︽ᠴᠠᠭ ᠠᠭᠤᠷ +︾ ᠡᠨᠧᠷᠭᠢ ᠣᠯᠭᠤᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠵᠠᠮ | ᠬᠠᠷᠢᠯᠴᠠᠭᠠᠨ ᠤ ᠴᠠᠭ ᠠᠭᠤᠷ ᠤᠨ ᠬᠢᠨᠠᠨ ᠬᠡᠮᠵᠢᠬᠦ ᠦᠷᠳᠡᠭᠡ ᠶᠢᠨ ᠲᠣᠣᠷ ᠢ ᠬᠠᠮᠲᠤᠪᠠᠷ ᠪᠠᠶᠢᠭᠤᠯᠵᠤ᠂ ᠵᠠᠮ | ᠬᠠᠷᠢᠯᠴᠠᠭᠠᠨ ᠤ ᠴᠠᠭ ᠠᠭᠤᠷ ᠤᠨ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠠ ᠠᠭᠤᠰᠤᠯᠴᠠᠭᠤᠯᠤᠨ ᠬᠡᠷᠡᠭᠯᠡᠬᠦ ᠶᠢ | ᠠᠬᠢᠭᠤᠯᠤᠨ᠎ᠠ᠃ ᠶᠡᠭᠡ ᠰᠠᠯᠬᠢᠨ᠂ ᠪᠣᠷᠣᠭᠠᠨ ︵ᠴᠠᠰᠤ︶᠂ ᠦᠵᠡᠭᠳᠡᠴᠡ ᠳᠣᠤᠷ᠎ᠠ᠂ ᠵᠠᠮ ᠳᠡᠭᠡᠷ᠎ᠡ ᠮᠥᠰᠥ ᠬᠥᠯᠳᠡᠬᠦ | ᠵᠡᠷᠭᠡ ᠴᠠᠭ ᠠᠭᠤᠷ ᠢ ᠶᠡᠭᠡ ᠪᠠᠷ ᠨᠥᠯᠥᠭᠡᠯᠡᠬᠦ ᠵᠠᠮ ᠬᠠᠷᠢᠯᠴᠠᠭᠠᠨ ᠤ ᠴᠠᠭ ᠠᠭᠤᠷ ᠤᠨ ᠤᠷᠢᠳᠴᠢᠯᠠᠭᠰᠠᠨ | ᠮᠡᠳᠡᠭᠡ ᠶᠢᠨ ᠰᠡᠷᠡᠮᠵᠢᠯᠡᠭᠦᠯᠦᠯ ᠢ ᠦᠢᠯᠡᠳᠦᠨ ᠨᠡᠶᠢᠲᠡᠯᠡᠨ᠎ᠡ᠃ ᠰᠠᠯᠬᠢᠨ ᠡᠨᠧᠷᠭᠢ᠂ ᠨᠡᠷᠡᠨ ᠡᠨᠧᠷᠭᠢ ᠶᠢᠨ ᠡᠬᠢ | ᠪᠠᠶᠠᠯᠢᠭ ᠢ ᠨᠠᠷᠢᠯᠢᠬᠵᠢᠭᠤᠯᠤᠨ ᠦᠨᠡᠯᠡᠨ ᠵᠢᠱᠢᠬᠦ ᠶᠢ ᠴᠢᠩᠭᠠᠳᠬᠠᠵᠤ᠂ ᠡᠨᠧᠷᠭᠢ ᠶᠢᠨ ᠰᠤᠷᠪᠤᠯᠵᠢ ᠶᠢᠨ ᠠᠵᠤ | ᠦᠢᠯᠡᠰ ᠤᠨ ᠬᠥᠭᠵᠢᠯᠲᠡ ᠳᠤ ᠦᠢᠯᠡᠴᠢᠯᠡᠬᠦ ᠪᠠ ᠲᠡᠭᠦᠨ ᠢ ᠪᠠᠲᠤᠯᠠᠨ᠎ᠠ᠃ ᠠᠶᠤᠩᠭᠠᠲᠤ ᠪᠣᠷᠣᠭᠠᠨ᠂ ᠶᠡᠭᠡ ᠰᠠᠯᠬᠢ | ᠵᠡᠷᠭᠡ ᠶᠡᠭᠡ ᠨᠥᠯᠥᠭᠡ ᠲᠠᠢ ᠴᠠᠭ ᠠᠭᠤᠷ ᠤᠨ ᠴᠠᠬᠢᠯᠭᠠᠨ ᠬᠦᠴᠦ᠂ ᠪᠠᠷᠢᠯᠭ᠎ᠠ ᠵᠡᠷᠭᠡ ᠭᠤᠣᠯᠳᠠᠯᠭ᠎ᠠ ᠲᠠᠢ ᠠᠵᠢᠯ | ᠲᠦᠷᠦᠯ ᠳᠤ ᠦᠵᠡᠭᠦᠯᠬᠦ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠠᠵᠢᠯ ᠢ ᠴᠢᠩᠭᠠᠷᠠᠭᠤᠯᠤᠨ᠎ᠠ᠃ ᠪᠥᠬᠦ | ᠠᠶᠢᠮᠠᠭ ᠤᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ ᠠᠵᠢᠯ ᠳᠤ ᠬᠦᠴᠦ ᠨᠡᠮᠡᠷᠢᠯᠡᠵᠦ᠂ ᠴᠠᠭ ᠠᠭᠤᠷ ᠤᠨ | ᠣᠶᠤᠨᠴᠢ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ᠂ ᠠᠭᠤᠷ ᠠᠮᠢᠰᠬᠤᠯ ᠤᠨ ᠡᠬᠢ | ᠪᠠᠶᠠᠯᠢᠭ ᠤᠨ ᠳᠤᠯᠠᠭᠠᠯᠠᠭ᠎ᠠ ᠢᠯᠴᠢ ᠬᠠᠩᠭᠠᠬᠤ ᠵᠡᠷᠭᠡ ᠬᠦᠷᠢᠶ᠎ᠡ ᠴᠠᠷᠠᠭ᠎ᠠ ᠳᠠᠬᠢ ᠰᠢᠨᠵᠢᠯᠡᠬᠦ ᠤᠬᠠᠭᠠᠨᠴᠢ | ᠠᠰᠢᠭᠯᠠᠯᠲᠠ ᠶᠢ ᠴᠢᠩᠭᠠᠷᠠᠭᠤᠯᠤᠨ᠎ᠠ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ ᠬᠠᠷᠢᠭᠤᠴᠠᠨ᠎ᠠ︶ | 12. ᠬᠤᠲᠠ ᠶᠢᠨ ᠠᠵᠢᠯᠯᠠᠭᠠᠨ ᠤ ᠴᠠᠭ ᠠᠭᠤᠷ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠴᠠᠭ ᠠᠭᠤᠷ ᠢ ᠬᠠᠶᠢᠮᠢᠶᠠᠨ ᠬᠤᠳᠠ ᠶᠢᠨ ᠪᠦᠳᠦᠭᠡᠨ ᠪᠠᠶᠢᠭᠤᠯᠤᠯᠲᠠ ᠳᠤ ᠠᠭᠤᠰᠤᠯᠴᠠᠭᠤᠯᠬᠤ ᠶᠢ ᠠᠬᠢᠭᠤᠯᠵᠤ᠂ ᠴᠠᠭ | ᠠᠭᠤᠷ ᠤᠨ ᠦᠢᠯᠡᠴᠢᠯᠡᠭᠡᠨ ᠤ ᠮᠡᠳᠡᠭᠡ ᠵᠠᠩᠭᠢ ᠶᠢ ︽ᠬᠤᠳᠠ ᠶᠢᠨ ᠶᠡᠭᠡ ᠲᠠᠷᠢᠬᠢ︾ ᠳᠤ ᠨᠠᠷᠢᠯᠢᠬᠵᠢᠭᠤᠯᠤᠨ | ᠣᠷᠣᠭᠤᠯᠤᠨ᠎ᠠ᠃ ᠬᠤᠳᠠ ᠶᠢᠨ ᠴᠠᠭ ᠠᠭᠤᠷ ᠤᠨ ᠬᠢᠨᠠᠨ ᠬᠡᠮᠵᠢᠬᠦ ᠦᠷᠳᠡᠭᠡ ᠶᠢᠨ ᠲᠣᠣᠷ ᠢ ᠪᠠᠶᠢᠭᠤᠯᠵᠤ᠂ | ᠬᠤᠳᠠ ᠶᠢᠨ ᠤᠰᠤᠲᠤᠯ ᠤᠨ ᠵᠠᠭᠪᠤᠷ ᠢ ᠰᠤᠳᠤᠯᠵᠤ᠂ ᠬᠤᠳᠠ ᠶᠢᠨ ᠤᠰᠤᠲᠤᠯ ᠤᠨ ᠴᠠᠭ ᠠᠭᠤᠷ ᠤᠨ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠬᠤᠳᠠ ᠶᠢᠨ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠬᠤᠳᠠ ᠶᠢ ᠵᠠᠰᠠᠬᠤ᠂ | ᠤᠰᠤ ᠴᠠᠬᠢᠯᠭᠠᠨ ᠬᠠᠩᠭᠠᠬᠤ ᠢᠯᠴᠢ ᠬᠠᠩᠭᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ᠂ | ᠨᠠᠷᠢᠯᠢᠬᠵᠢᠭᠤᠯᠤᠭᠰᠠᠨ ᠴᠠᠭ ᠠᠭᠤᠷ ᠤᠨ ᠦᠢᠯᠡᠴᠢᠯᠡᠭᠡ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ ︵ᠠᠶᠢᠮᠠᠭ ᠤᠨ | ᠴᠠᠭ ᠠᠭᠤᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠤᠯᠤᠰ ᠤᠨ ᠴᠠᠬᠢᠯᠭᠠᠨ ᠲᠣᠤᠷ ᠤᠨ ᠬᠢᠩᠭᠠᠨ ᠴᠠᠬᠢᠯᠭᠠᠨ ᠬᠠᠩᠭᠠᠬᠤ ᠺᠣᠮᠫᠠᠨᠢ᠂ ᠡᠯ᠎ᠡ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 13. ᠠᠷᠠᠳ ᠤᠨ ᠠᠮᠢᠳᠤᠷᠠᠯ ᠢ ᠪᠠᠲᠤᠯᠠᠬᠤ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠨ᠎ᠠ᠃ | ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡ ᠶᠢ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠪᠠ | ᠤᠯᠠᠨ ᠨᠡᠶᠢᠲᠡ ᠶᠢᠨ ᠦᠢᠯᠡᠴᠢᠯᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠳᠤ ᠴᠠᠭ ᠠᠭᠤᠷ ᠤᠨ ᠦᠢᠯᠡᠴᠢᠯᠡᠭᠡᠨ ᠤ | ᠦᠢᠯᠡᠳᠭᠦᠨ ᠤ ᠲᠥᠷᠥᠯ ᠵᠤᠶᠢᠯ ᠢ ᠪᠠᠶᠠᠯᠢᠭᠵᠢᠭᠤᠯᠵᠤ᠂ ᠴᠠᠭ ᠠᠭᠤᠷ ᠤᠨ ᠦᠢᠯᠡᠴᠢᠯᠡᠭᠡᠨ ᠤ ᠦᠢᠯᠡᠳᠭᠦᠨ ᠤ ᠴᠠᠭ | ᠵᠠᠶ ᠶᠢᠨ ᠢᠯᠭᠠᠮᠵᠢ ᠶᠢ ᠳᠡᠭᠡᠭᠰᠢᠯᠡᠭᠦᠯᠦᠨ᠂ ᠠᠷᠠᠳ ᠣᠯᠠᠨ ᠤ ᠠᠮᠢᠳᠤᠷᠠᠯ᠂ ᠡᠷᠡᠭᠦᠯ ᠮᠡᠨᠳᠦ ᠰᠤᠪᠢᠯᠠᠯᠲᠠ᠂ | ᠰᠡᠯᠡᠭᠦᠴᠡᠯ᠂ ᠵᠢᠭᠤᠯᠴᠢᠯᠠᠯ ᠵᠡᠷᠭᠡ ᠶᠢᠨ ᠣᠯᠠᠨ ᠡᠰᠢᠵᠢᠭᠰᠡᠨ᠂ ᠥᠪᠡᠷᠮᠢᠴᠡᠵᠢᠭᠰᠡᠨ ᠪᠠ ᠨᠠᠷᠢᠯᠢᠬᠵᠢᠭᠰᠠᠨ ᠬᠡᠷᠡᠭᠴᠡᠭᠡ | ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠨ᠎ᠠ᠃ ᠴᠠᠭ ᠠᠭᠤᠷ ᠤᠨ ᠦᠢᠯᠡᠳᠬᠦᠨ ᠢ ᠠᠶᠠᠨᠳᠠᠭᠠᠨ ᠪᠤᠢ ᠪᠣᠯᠭᠠᠬᠤ | ᠪᠠ ᠨᠠᠷᠢᠯᠢᠭ ᠣᠨᠣᠴᠠᠲᠠᠶ ᠪᠠᠷ ᠬᠦᠷᠭᠡᠬᠦ ᠲᠤᠬᠠᠶᠢᠯᠠᠭᠰᠠᠨ ᠠᠵᠢᠯ ᠢ ᠬᠥᠭᠵᠢᠭᠦᠯᠦᠨ᠎ᠡ᠃ ᠠᠶᠢᠮᠠᠭ᠂ ᠬᠤᠰᠢᠭᠤ ᠬᠤᠶᠠᠷ | ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠠᠯᠠᠪᠠᠶ ᠣᠷᠳᠣᠨ ᠤ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ | ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠣᠯᠠᠨ ᠨᠡᠶᠢᠲᠡ ᠶᠢᠨ ᠴᠠᠭ ᠠᠭᠤᠷ ᠤᠨ ᠭᠠᠮᠰᠢᠭ ᠢ | ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠪᠠ ᠭᠠᠮᠰᠢᠭ ᠢ ᠰᠡᠷᠭᠡᠶᠢᠯᠡᠬᠦ ᠭᠠᠮᠰᠢᠭ ᠠᠴᠠ ᠵᠠᠶᠢᠯᠠᠵᠤ | ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠲᠠᠰ ᠤᠨ ᠴᠠᠭ | ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠢ | ᠡᠭᠦᠳᠦᠨ ᠪᠠᠶᠢᠭᠤᠯᠤᠨ᠎ᠠ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ ᠬᠠᠷᠢᠭᠤᠴᠠᠨ᠎ᠠ︶ ︵ᠵᠢᠷᠭᠤᠭ᠎ᠠ︶ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ | ᠰᠠᠭᠤᠷᠢ ᠶᠢ ᠪᠠᠬᠢᠵᠢᠭᠦᠯᠦᠨ᠎ᠡ᠃ | 14. ᠴᠠᠭ ᠠᠭᠤᠷ ᠤᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠨ᠎ᠠ᠃ | ᠵᠡᠭᠦᠨ ᠬᠤᠶᠢᠲᠤ ᠣᠷᠣᠨ ᠤ ᠬᠦᠢᠳᠡᠨ ᠤᠢᠢᠯ ᠵᠡᠷᠭᠡ ᠴᠢᠬᠤᠯᠠ ᠴᠠᠭ ᠠᠭᠤᠷ ᠤᠨ ᠰᠢᠰᠲ᠋ᠧᠮ ᠤᠨ ᠡᠭᠦᠰᠴᠦ | ᠬᠤᠪᠢᠷᠠᠬᠤ ᠵᠢᠮ᠎ᠡ ᠶᠣᠰᠣᠨ ᠤ ᠰᠤᠳᠤᠯᠤᠯ ᠢ ᠥᠷᠨᠢᠭᠦᠯᠵᠦ᠂ ᠭᠠᠩ ᠬᠠᠭᠰᠠᠷᠭᠠᠨ᠂ ᠶᠡᠭᠡ ᠰᠠᠯᠬᠢ᠂ ᠰᠢᠷᠦᠭᠦᠨ | ᠪᠣᠷᠣᠭᠠᠨ ︵ᠴᠠᠰᠤ︶᠂ ᠬᠦᠢᠳᠡᠨ ᠤᠷᠤᠰᠬᠠᠯ ᠵᠡᠷᠭᠡ ᠭᠠᠮᠰᠢᠭ ᠤᠨ ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ | ᠲᠦᠭᠰᠢᠭᠦᠷᠢ ᠶᠢ ᠰᠡᠷᠡᠮᠵᠢᠯᠡᠭᠦᠯᠬᠦ ᠮᠡᠷᠭᠡᠵᠢᠯ ᠤᠨ ᠰᠤᠳᠤᠯᠤᠯ ᠢ ᠥᠷᠨᠢᠭᠦᠯᠦᠨ᠎ᠡ᠃ ᠠᠭᠤᠷ ᠠᠮᠢᠰᠬᠤᠯ ᠤᠨ | ᠬᠤᠪᠢᠷᠠᠯᠲᠠ ᠶᠢᠨ ᠪᠣᠳᠠᠲᠤ ᠬᠡᠷᠡᠭ ᠪᠠ ᠵᠢᠮ᠎ᠡ ᠶᠣᠰᠣᠨ ᠤ ᠵᠠᠳᠠᠯᠤᠯᠲᠠ ᠶᠢ ᠴᠢᠩᠭᠠᠳᠬᠠᠵᠤ᠂ ᠠᠭᠤᠷ ᠠᠮᠢᠰᠬᠤᠯ ᠤᠨ | ᠬᠤᠪᠢᠷᠠᠯᠲᠠ ᠶᠢᠨ ᠠᠮᠤ ᠪᠤᠳᠠᠭ᠎ᠠ᠂ ᠡᠨᠧᠷᠭᠢ ᠶᠢᠨ ᠰᠤᠷᠪᠤᠯᠵᠢ᠂ ᠤᠰᠤᠨ ᠤ ᠡᠬᠢ ᠪᠠᠶᠠᠯᠢᠭ᠂ ᠠᠮᠢ ᠠᠬᠤᠶ ᠶᠢᠨ | ᠠᠮᠤᠷ ᠲᠦᠪᠰᠢᠨ ᠳᠤ ᠦᠵᠡᠭᠦᠯᠬᠦ ᠨᠥᠯᠥᠭᠡ ᠶᠢ ᠦᠨᠡᠯᠡᠨ ᠵᠢᠱᠢᠬᠦ ᠰᠤᠳᠤᠯᠭᠠᠨ ᠢ ᠲᠦᠯᠬᠢᠨ ᠠᠬᠢᠭᠤᠯᠤᠨ᠎ᠠ᠃ | ᠥᠨᠳᠥᠷ ᠬᠤᠪᠢᠳᠤ ᠳᠠᠭᠠᠭᠤᠯᠢ ᠤᠳᠤᠨ ᠤ ᠲᠤᠭ᠎ᠠ ᠪᠠᠷᠢᠮᠲᠠ ᠶᠢ ᠲᠦᠷᠭᠡᠨ ᠬᠦᠯᠢᠶᠡᠨ ᠠᠪᠴᠤ ᠰᠢᠢᠳᠪᠦᠷᠢᠯᠡᠬᠦ | ᠵᠠᠳᠠᠯᠤᠯᠲᠠ ᠬᠢᠬᠦ ᠬᠡᠷᠡᠭᠯᠡᠭᠡᠨ ᠤ ᠮᠡᠷᠭᠡᠵᠢᠯ ᠢ ᠰᠤᠳᠤᠯᠤᠨ ᠨᠡᠭᠡᠭᠡᠬᠦ ᠶᠢ ᠲᠦᠷᠭᠡᠳᠬᠡᠨ᠎ᠡ᠃ ᠠᠮᠢ ᠠᠬᠤᠶ ᠶᠢᠨ ᠴᠠᠭ | ᠠᠭᠤᠷ ᠢ ᠦᠨᠡᠯᠡᠨ ᠵᠢᠱᠢᠵᠦ ᠦᠨᠡᠯᠡᠬᠦ ᠭᠦᠢᠴᠡᠳᠬᠡᠯ ᠲᠤᠭ᠎ᠠ ᠪᠠ ᠠᠷᠭ᠎ᠠ ᠶᠢ ᠲᠡᠭᠦᠯᠳᠡᠷᠵᠢᠭᠦᠯᠦᠨ᠎ᠡ᠃ ᠴᠠᠭ | ᠬᠤᠭᠤᠴᠠᠭ᠎ᠠ ᠪᠠ ᠣᠷᠣᠨ ᠵᠠᠶ ᠶᠢᠨ ᠢᠯᠭᠠᠮᠵᠢ ᠪᠠᠷ ᠥᠨᠳᠥᠷ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ | ᠮᠡᠷᠭᠡᠵᠢᠯ ᠤᠨ ᠰᠤᠳᠤᠯᠭᠠᠨ ᠢ ᠥᠷᠨᠢᠭᠦᠯᠦᠨ᠎ᠡ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠬᠠᠷᠢᠭᠤᠴᠠᠨ᠎ᠠ︶ | 15. ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠴᠠᠭ ᠠᠭᠤᠷ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠠᠬᠢ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠭᠤᠣᠯᠯᠠᠭᠴᠢ ᠪᠠᠶᠢᠷᠢ ᠰᠠᠭᠤᠷᠢ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ | ᠲᠣᠭᠲᠠᠴᠠ ᠶᠢ ᠪᠠᠶᠢᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠤᠨ ᠣᠷᠣᠨ ᠨᠤᠲᠤᠭ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠲᠦᠷᠦᠯ ᠵᠦᠢᠯ ᠲᠣᠭᠲᠠᠭᠠᠬᠤ ᠡᠷᠴᠢᠮ ᠢ ᠴᠢᠩᠭᠠᠷᠠᠭᠤᠯᠵᠤ᠂ ᠴᠠᠭ ᠠᠭᠤᠷ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠤᠨ᠎ᠠ᠃ | ᠰᠢᠨᠵᠢᠯᠡᠬᠦ ᠤᠬᠠᠭᠠᠨ ᠤ ᠰᠤᠳᠤᠯᠭᠠᠨ ᠬᠢᠭᠡᠳ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡ ᠶᠢ | ᠭᠦᠨᠵᠡᠭᠡᠶ ᠠᠭᠤᠰᠤᠯᠴᠠᠭᠤᠯᠤᠭᠰᠠᠨ ᠰᠤᠳᠤᠯᠭᠠᠨ ᠤ ᠬᠡᠯᠪᠡᠷᠢ ᠶᠢᠨ ᠲᠤᠬᠠᠶᠢᠯᠠᠭᠰᠠᠨ ᠠᠵᠢᠯ ᠤᠨ ᠰᠢᠨ᠎ᠡ ᠪᠠᠶᠢᠷᠢᠰᠢᠯ ᠢ | ᠪᠤᠢ ᠪᠣᠯᠭᠠᠨ᠎ᠠ᠃ ᠤᠶᠤᠨᠲᠤ ᠲᠠᠷᠢᠶᠠᠯᠠᠩ᠂ ᠴᠡᠪᠡᠷ ᠡᠨᠧᠷᠭᠢ ᠶᠢᠨ ᠠᠰᠢᠭᠯᠠᠯᠲᠠ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ᠂ ᠪᠥᠬᠦ ᠣᠷᠣᠨ ᠪᠦᠰᠡ ᠶᠢᠨ ᠵᠢᠭᠤᠯᠴᠢᠯᠠᠯ ᠵᠡᠷᠭᠡ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠴᠠᠭ ᠠᠭᠤᠷ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠰᠤᠳᠤᠯᠤᠨ ᠨᠡᠭᠡᠭᠡᠬᠦ ᠪᠤᠶᠤ ᠣᠷᠣᠭᠤᠯᠵᠤ ᠢᠷᠡᠨ᠎ᠡ᠃ ︵ | ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠠᠷᠢᠭᠤᠴᠠᠨ᠎ᠠ︶ ︵ | ᠳᠣᠯᠤᠭ᠎ᠠ︶ ᠣᠲᠣ ᠦᠶ᠎ᠡ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠬᠢᠨᠠᠨ ᠬᠡᠮᠵᠢᠬᠦ ᠤᠷᠢᠳᠴᠢᠯᠠᠨ ᠮᠡᠳᠡᠭᠡᠯᠡᠬᠦ ᠤᠷᠢᠳᠴᠢᠯᠠᠨ | ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | 16. ᠨᠠᠷᠢᠯᠢᠭ ᠠᠵᠢᠭᠯᠠᠯᠲᠠ ᠶᠢ ᠬᠥᠭᠵᠢᠭᠦᠯᠦᠨ᠎ᠡ᠃ ᠴᠠᠭ ᠠᠭᠤᠷ ᠤᠨ ᠠᠵᠢᠭᠯᠠᠯᠲᠠ ᠶᠢᠨ ᠠᠦ᠋ᠲ᠋ᠣ᠋ | ᠥᠷᠲᠡᠭᠡ ᠶᠢᠨ ᠪᠠᠷᠢᠮᠵᠢᠶᠠᠵᠢᠭᠤᠯᠤᠨ ᠲᠠᠰ ᠳᠡᠪᠰᠢᠭᠦᠯᠬᠦ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠠᠮᠢ ᠠᠬᠤᠶ ᠶᠢᠨ | ᠰᠢᠰᠲ᠋ᠧᠮ᠂ ᠵᠠᠮ ᠬᠠᠷᠢᠯᠴᠠᠭ᠎ᠠ᠂ ᠰᠢᠨ᠎ᠡ ᠡᠨᠧᠷᠭᠢ ᠶᠢᠨ ᠰᠤᠷᠪᠤᠯᠵᠢ᠂ ᠵᠢᠭᠤᠯᠴᠢᠯᠠᠯ᠂ ᠤᠢ ᠰᠢᠭᠤᠶ᠂ ᠲᠠᠷᠢᠶᠠᠯᠠᠩ | ᠵᠡᠷᠭᠡ ᠲᠤᠰᠬᠠᠶ ᠮᠡᠷᠭᠡᠵᠢᠯ ᠤᠨ ᠴᠠᠭ ᠠᠭᠤᠷ ᠤᠨ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢ | ᠴᠢᠩᠭᠠᠳᠬᠠᠨ᠎ᠠ᠃ ᠷᠠᠰᠢᠶᠠᠨ ᠬᠤᠲᠠ᠂ ᠤᠯᠠᠭᠠᠨᠬᠤᠲᠠ ᠶᠢᠨ ᠴᠠᠭ ᠠᠭᠤᠷ ᠤᠨ ᠷᠠᠳᠠᠷ ᠤᠨ ᠭᠠᠮᠰᠢᠭᠲᠤ ᠴᠠᠭ | ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠳᠤᠮᠳᠠᠬᠢ ᠦᠢᠯᠡᠳᠦᠯ ᠢ ᠪᠠᠳᠠᠷᠠᠭᠤᠯᠤᠨ᠎ᠠ᠃ ᠴᠠᠭ | ᠠᠭᠤᠷ ᠤᠨ ᠲᠤᠨᠤᠭ ᠲᠥᠬᠦᠭᠡᠷᠦᠮᠵᠢ ᠶᠢᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮᠵᠢ ᠶᠢ | ᠪᠥᠷᠢᠨᠰᠢᠬᠦᠯᠵᠤ᠂ ᠠᠶᠢᠮᠠᠭ ᠤᠨ ᠱᠠᠲᠤᠨ ᠤ ᠴᠠᠭ ᠠᠭᠤᠷ ᠤᠨ ᠮᠡᠷᠭᠡᠵᠢᠯ ᠤᠨ ᠲᠤᠨᠤᠭ ᠲᠥᠬᠦᠭᠡᠷᠦᠮᠵᠢ ᠶᠢᠨ | ᠪᠠᠲᠤᠯᠠᠭ᠎ᠠ ᠶᠢᠨ ᠲᠤᠷᠰᠢᠯᠲᠠ ᠶᠢᠨ ᠲᠠᠰᠤᠭ ᠠᠵᠢᠯ ᠲᠦᠷᠦᠯ ᠤᠨ ᠴᠠᠭ ᠠᠭᠤᠷ ᠤᠨ ᠠᠵᠢᠭᠯᠠᠯᠲᠠ ᠶᠢᠨ | ᠲᠥᠬᠦᠭᠡᠷᠦᠮᠵᠢ ᠶᠢ ᠬᠠᠷᠭᠤᠭᠤᠯᠤᠨ ᠲᠣᠭᠲᠠᠭᠠᠬᠤ ᠶᠢ ᠴᠠᠭ ᠠᠭᠤᠷ ᠤᠨ ᠲᠥᠬᠦᠭᠡᠷᠦᠮᠵᠢ ᠵᠢᠴᠢ ᠴᠠᠭ ᠠᠭᠤᠷ ᠢ | ᠬᠠᠶᠢᠨ ᠬᠡᠮᠵᠢᠵᠦ ᠣᠷᠴᠢᠨ ᠠᠬᠤᠶ ᠶᠢ ᠬᠠᠮᠠᠭᠠᠯᠠᠬᠤ ᠠᠵᠢᠯ ᠢ ᠴᠢᠩᠭᠠᠳᠬᠠᠨ᠎ᠠ᠃ ︵ᠠᠶᠢᠮᠠᠭ ᠤᠨ ᠴᠠᠭ ᠠᠭᠤᠷ ᠤᠨ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠤᠰᠤᠨ ᠰᠢᠨᠵᠢᠯᠡᠭᠡᠨ ᠤ ᠬᠠᠶᠢᠨ ᠬᠡᠮᠵᠢᠯᠲᠡ ᠶᠢᠨ ᠲᠣᠪᠴᠢᠶ᠎ᠠ | ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠣᠶᠣᠯ ᠵᠤᠭᠠᠴᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | 17. ᠨᠠᠷᠢᠯᠢᠭ ᠣᠨᠣᠴᠠᠲᠠᠶ ᠪᠠᠷ ᠤᠷᠢᠳᠴᠢᠯᠠᠨ ᠮᠡᠳᠡᠭᠡᠯᠡᠬᠦ ᠶᠢ ᠬᠥᠭᠵᠢᠭᠦᠯᠦᠨ᠎ᠡ᠃ ᠲᠤᠭ᠎ᠠ ᠬᠡᠮᠵᠢᠭᠳᠡᠯ ᠤᠨ | ᠴᠠᠭ ᠠᠭᠤᠷ ᠤᠨ ᠤᠷᠢᠳᠴᠢᠯᠠᠨ ᠮᠡᠳᠡᠭᠡᠯᠡᠬᠦ ᠦᠢᠯᠡᠳᠭᠦᠨ ᠢ ᠲᠠᠶᠢᠯᠪᠤᠷᠢᠯᠠᠨ ᠬᠡᠷᠡᠭᠯᠡᠬᠦ ᠪᠠ ᠰᠢᠨᠵᠢᠯᠡᠬᠦ | ᠤᠬᠠᠭᠠᠨᠴᠢ ᠪᠠᠷ ᠰᠢᠯᠭᠠᠨ ᠪᠠᠶᠢᠴᠠᠭᠠᠵᠤ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠴᠢᠩᠭᠠᠷᠠᠭᠤᠯᠤᠨ᠎ᠠ᠃ | ᠪᠤᠰᠤᠳᠴᠢ ᠴᠠᠭ ᠠᠭᠤᠷ ᠤᠨ ᠠᠭᠤᠷ ᠠᠮᠢᠰᠬᠤᠯ ᠤᠨ ᠰᠢᠰᠲ᠋ᠧᠮ ᠬᠢᠭᠡᠳ ᠴᠠᠭ ᠠᠭᠤᠷ ᠤᠨ ᠡᠯᠧᠮᠧᠨ᠋ᠲ ᠤᠨ | ᠪᠦᠷᠢᠳᠬᠡᠯ ᠢ ᠬᠠᠷᠢᠯᠴᠠᠨ ᠤᠶᠠᠯᠳᠤᠭᠤᠯᠤᠭᠰᠠᠨ ᠠᠭᠤᠷ ᠠᠮᠢᠰᠬᠤᠯ ᠤᠨ ᠬᠠᠨᠳᠤᠰᠢ ᠶᠢᠨ ᠵᠢᠱᠢᠯᠲᠡ ᠶᠢ ᠥᠷᠨᠢᠭᠦᠯᠦᠨ᠎ᠡ | ᠃ ᠣᠬᠤᠷ ᠴᠠᠭ ᠤᠨ ᠣᠶᠢᠷ᠎ᠠ ᠬᠠᠪᠢ ᠶᠢᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ | ᠠᠵᠢᠯ ᠢ ᠴᠢᠩᠭᠠᠳᠬᠠᠵᠤ᠂ ᠰᠢᠷᠦᠭᠦᠨ ᠪᠣᠷᠣᠭᠠᠨ ︵ᠴᠠᠰᠤ︶᠂ ᠠᠶᠤᠩᠭᠠᠲᠤ ᠪᠣᠷᠣᠭᠠᠨ᠂ ᠶᠡᠭᠡ ᠰᠠᠯᠬᠢ᠂ ᠣᠬᠤᠷ | ᠴᠠᠭ ᠤᠨ ᠰᠢᠷᠦᠭᠦᠨ ᠪᠣᠷᠣᠭᠠᠨ ᠵᠡᠷᠭᠡ ᠭᠠᠮᠰᠢᠭᠲᠤ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠣᠨᠣᠪᠴᠢ ᠶᠢᠨ | ᠨᠣᠷᠮ᠎ᠠ ᠶᠢ ᠳᠡᠭᠡᠭᠰᠢᠯᠡᠭᠦᠯᠵᠦ᠂ ᠬᠦᠴᠦᠲᠡᠶ ᠰᠣᠯᠢᠭ ᠤᠷᠤᠰᠬᠠᠯ ᠤᠨ ᠴᠠᠭ ᠠᠭᠤᠷ ᠤᠨ ᠤᠷᠢᠳᠴᠢᠯᠠᠨ | ᠰᠡᠷᠡᠮᠵᠢᠯᠡᠭᠦᠯᠬᠦ ᠬᠡᠮᠵᠢᠶ᠎ᠡ ᠶᠢ 50 ᠮᠢᠨᠦ᠋ᠲ ᠠᠴᠠ ᠳᠡᠭᠡᠭᠰᠢ ᠳᠤ ᠬᠦᠷᠦᠭᠦᠯᠦᠨ᠎ᠡ᠃ ᠭᠠᠩ ᠬᠠᠭᠰᠠᠷᠭᠠᠨ᠂ ᠶᠡᠭᠡ | ᠰᠠᠯᠬᠢ᠂ ᠬᠦᠢᠳᠡᠨ ᠤᠷᠤᠰᠬᠠᠯ᠂ ᠰᠢᠷᠦᠭᠦᠨ ᠪᠣᠷᠣᠭᠠᠨ ︵ᠴᠠᠰᠤ︶᠂ ᠥᠨᠳᠥᠷ ᠳᠤᠯᠠᠭᠠᠨ ᠵᠡᠷᠭᠡ ᠭᠠᠮᠰᠢᠭᠲᠤ ᠴᠠᠭ | ᠠᠭᠤᠷ ᠤᠨ ᠠᠳᠠᠯᠢ ᠪᠤᠰᠤ ᠠᠵᠢᠯ ᠲᠦᠷᠤᠯ ᠳᠤ ᠦᠵᠡᠭᠦᠯᠬᠦ ᠨᠥᠯᠥᠭᠡ ᠶᠢ ᠤᠷᠢᠳᠴᠢᠯᠠᠨ ᠮᠡᠳᠡᠭᠡᠯᠡᠬᠦ ᠪᠠ ᠠᠶᠤᠯ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠤᠶᠤᠨᠲᠤ | ᠰᠦᠯᠵᠢᠶᠡᠨ ᠤ ᠤᠷᠢᠳᠴᠢᠯᠠᠨ ᠮᠡᠳᠡᠭᠡᠯᠡᠬᠦ ᠪᠦᠲᠦᠭᠡᠭᠳᠡᠬᠦᠨ ᠤ ᠵᠠᠳᠠᠯᠤᠨ ᠰᠢᠨᠵᠢᠬᠦ ᠬᠡᠷᠡᠭᠯᠡᠭᠡᠨ ᠤ ᠲᠠᠪᠴᠠᠩ ᠢ | ᠪᠠᠶᠢᠭᠤᠯᠤᠨ᠎ᠠ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ ᠬᠠᠷᠢᠭᠤᠴᠠᠨ᠎ᠠ︶ | 18. ᠨᠠᠷᠢᠯᠢᠭ ᠦᠢᠯᠡᠴᠢᠯᠡᠭᠡ ᠶᠢ ᠬᠥᠭᠵᠢᠭᠦᠯᠦᠨ᠎ᠡ᠃ ᠨᠥᠯᠥᠭᠡᠯᠡᠯ ᠳᠤ ᠰᠠᠭᠤᠷᠢᠯᠠᠭᠰᠠᠨ ᠰᠢᠢᠳᠪᠦᠷᠢᠳᠦ | ᠪᠤᠳᠤᠯᠭ᠎ᠠ ᠶᠢᠨ ᠴᠠᠭ ᠠᠭᠤᠷ ᠤᠨ ᠦᠢᠯᠡᠴᠢᠯᠡᠭᠡ ᠶᠢ ᠬᠥᠭᠵᠢᠭᠦᠯᠵᠦ᠂ ᠭᠠᠮᠰᠢᠭ ᠤᠨ ᠲᠦᠷᠦᠯ ᠵᠦᠢᠯ ᠪᠠ | ᠬᠡᠷᠡᠭᠯᠡᠭᠴᠢᠳ ᠤᠨ ᠲᠦᠷᠦᠯ ᠵᠦᠢᠯ ᠬᠤᠪᠢᠶᠠᠭᠰᠠᠨ ᠰᠢᠢᠳᠪᠦᠷᠢᠳᠦ ᠪᠤᠳᠤᠯᠭ᠎ᠠ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠢᠳᠪᠦᠷᠢᠳᠦ ᠪᠣᠳᠣᠯᠭ᠎ᠠ ᠲᠣᠭᠲᠠᠭᠠᠬᠤ ᠦᠢᠯᠡᠴᠢᠯᠡᠭᠡᠨ ᠤ | ᠦᠢᠯᠡᠳᠭᠦᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠵᠦ᠂ ᠰᠢᠢᠳᠪᠦᠷᠢᠳᠦ ᠪᠣᠳᠣᠯᠭ᠎ᠠ ᠲᠣᠭᠲᠠᠭᠠᠬᠤ | ᠦᠢᠯᠡᠴᠢᠯᠡᠭᠡᠨ ᠤ ᠦᠢᠯᠡᠳᠭᠦᠨ ᠢ ᠨᠡᠶᠢᠲᠡᠯᠡᠬᠦ ᠠᠷᠭ᠎ᠠ ᠵᠠᠮ ᠢ ᠲᠡᠭᠦᠯᠳᠡᠷᠵᠢᠭᠦᠯᠦᠨ᠎ᠡ᠃ ᠣᠯᠠᠨ ᠨᠡᠶᠢᠲᠡ ᠶᠢᠨ ᠴᠠᠭ | ᠠᠭᠤᠷ ᠤᠨ ᠦᠢᠯᠡᠴᠢᠯᠡᠭᠡᠨ ᠤ ᠦᠢᠯᠡᠳᠭᠦᠨ ᠪᠠ ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ ᠤᠨ ᠣᠯᠠᠨ ᠡᠰᠢᠵᠢᠬᠦ ᠶᠢ | ᠠᠬᠢᠭᠤᠯᠵᠤ᠂ ᠣᠶᠤᠨᠴᠢᠯᠠᠭᠰᠠᠨ᠂ ᠬᠡᠷᠡᠭᠴᠡᠭᠡ ᠶᠣᠰᠣᠭᠠᠷ ᠬᠦᠷᠭᠡᠭᠰᠡᠨ ᠣᠯᠠᠨ ᠨᠡᠶᠢᠲᠡ ᠶᠢᠨ ᠴᠠᠭ ᠠᠭᠤᠷ ᠤᠨ | ᠦᠢᠯᠡᠴᠢᠯᠡᠭᠡᠨ ᠤ ᠰᠢᠨ᠎ᠡ ᠵᠠᠭᠪᠤᠷ ᠢ ᠪᠣᠶ ᠪᠣᠯᠭᠠᠨ᠎ᠠ᠃ ᠵᠢᠷᠤᠮᠵᠢᠭᠰᠠᠨ ᠥᠨᠳᠥᠷ ᠪᠦᠲᠦᠮᠵᠢᠲᠡᠶ ᠲᠤᠰᠬᠠᠶ ᠴᠠᠭ | ᠠᠭᠤᠷ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠲᠤᠰᠬᠠᠶ ᠴᠠᠭ | ᠠᠭᠤᠷ ᠤᠨ ᠦᠢᠯᠡᠴᠢᠯᠡᠭᠡᠨ ᠢ ᠵᠢᠷᠤᠮᠵᠢᠭᠤᠯᠬᠤ᠂ ᠴᠤᠪᠤᠷᠠᠭᠤᠯᠬᠤ᠂ ᠲᠤᠬᠠᠶᠢᠯᠠᠭᠰᠠᠨ ᠠᠵᠢᠯ ᠤᠨ ᠪᠣᠯᠭᠠᠬᠤ ᠶᠢ | ᠠᠬᠢᠭᠤᠯᠤᠨ᠎ᠠ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ ᠬᠠᠷᠢᠭᠤᠴᠠᠨ᠎ᠠ︶ | 19. ᠴᠠᠭ ᠠᠭᠤᠷ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠴᠠᠭ | ᠠᠭᠤᠷ ᠤᠨ ᠮᠡᠳᠡᠭᠡ ᠵᠠᠩᠭᠢ ᠶᠢᠨ ᠲᠣᠣᠷ ᠰᠦᠯᠵᠢᠶᠡᠨ ᠤ ᠪᠠᠶᠢᠷᠢᠰᠢᠯ ᠢ ᠰᠢᠯᠢᠳᠡᠭᠵᠢᠭᠦᠯᠵᠦ᠂ ᠴᠠᠭ ᠠᠭᠤᠷ ᠤᠨ | ᠮᠡᠳᠡᠭᠡ ᠵᠠᠩᠭᠢ ᠶᠢᠨ ᠳᠠᠮᠵᠢᠭᠤᠯᠬᠤ ᠬᠤᠷᠳᠤᠴᠠ ᠶᠢ ᠳᠡᠭᠡᠭᠰᠢᠯᠡᠭᠦᠯᠦᠨ᠎ᠡ᠃ ᠬᠢᠩᠭᠠᠨ ᠠᠶᠢᠮᠠᠭ ᠤᠨ ᠲᠣᠮᠣ | ᠳ᠋ᠠᠶᠢᠲ᠋ᠠ ᠶᠢᠨ ᠲᠥᠪ ᠤᠨ ᠡᠬᠢ ᠪᠠᠶᠠᠯᠢᠭ ᠢ ᠭᠦᠢᠴᠡᠳ ᠬᠡᠷᠡᠭᠯᠡᠵᠦ᠂ ᠴᠠᠭ ᠠᠭᠤᠷ ᠤᠨ ᠳ᠋ᠠᠶᠢᠲ᠋ᠠ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠠᠭ ᠠᠭᠤᠷ ᠤᠨ ᠲᠤᠭ᠎ᠠ ᠪᠠᠷᠢᠮᠲᠠ ᠶᠢᠨ ᠬᠠᠮᠢᠶᠠᠷᠤᠯᠲᠠ ᠪᠠ | ᠬᠡᠷᠡᠭᠯᠡᠭᠡᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠰᠠᠯᠠᠭ᠎ᠠ ᠮᠥᠴᠢᠷ ᠤᠨ ᠬᠤᠭᠤᠷᠣᠨᠳᠣᠬᠢ ᠴᠠᠭ | ᠠᠭᠤᠷ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠴᠠᠭ | ᠠᠭᠤᠷ ᠤᠨ ᠮᠡᠳᠡᠭᠡ ᠵᠠᠩᠭᠢ ᠶᠢᠨ ᠰᠢᠰᠲ᠋ᠧᠮ ᠤᠨ ᠰᠦᠯᠵᠢᠶᠡᠨ ᠤ ᠠᠮᠤᠷ ᠲᠦᠪᠰᠢᠨ ᠤ ᠪᠠᠶᠢᠭᠤᠯᠤᠯᠲᠠ ᠶᠢ | ᠴᠢᠩᠭᠠᠳᠬᠠᠵᠤ᠂ ᠰᠦᠯᠵᠢᠶᠡᠨ ᠤ ᠠᠮᠤᠷ ︽ᠡᠭᠦᠯᠡᠨ + ᠦᠵᠦᠭᠦᠷ︾ ᠤᠨ ᠲᠤᠬᠠᠶᠢᠯᠠᠭᠰᠠᠨ ᠠᠵᠢᠯ ᠤᠨ | ᠮᠡᠷᠭᠡᠵᠢᠯ ᠤᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠲᠣᠭᠠᠴᠢᠯᠠᠭᠰᠠᠨ ᠠᠵᠤ ᠠᠬᠤᠶ ᠶᠢᠨ ᠰᠢᠨ ᠰᠢᠩ ᠠᠨ ᠤ | ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠵᠤ᠂ ᠤᠶᠤᠨᠴᠢᠯᠠᠭᠰᠠᠨ ᠴᠠᠭ ᠠᠭᠤᠷ ᠤᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠠᠶᠢᠮᠠᠭ ᠤᠨ ᠴᠠᠭ ᠠᠭᠤᠷ ᠤᠨ ᠲᠣᠪᠴᠢᠶ᠎ᠠ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ | ᠲᠣᠭᠤᠷᠢᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠲᠣᠮᠣ ᠳ᠋ᠠᠶᠢᠲ᠋ᠠ ᠶᠢᠨ ᠲᠥᠪ᠂ ᠰᠢᠯᠵᠢᠮᠡᠯ ᠬᠤᠯᠪᠣᠭᠠᠨ ᠤ ᠺᠣᠮᠫᠠᠨᠢ᠂ ᠬᠤᠯᠪᠣᠭᠠᠯᠠᠨ ᠨᠡᠪᠲᠡᠷᠡᠯᠴᠡᠬᠦ ᠺᠣᠮᠫᠠᠨᠢ | ᠂ ᠴᠠᠬᠢᠯᠭᠠᠨ ᠬᠤᠯᠪᠣᠭᠠᠨ ᠤ ᠺᠣᠮᠫᠠᠨᠢ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ︶ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠭᠠᠵᠠᠷ ᠣᠷᠣᠨ ᠤ ᠴᠠᠭ ᠠᠭᠤᠷ ᠤᠨ ᠦᠢᠯᠡᠰ ᠤᠨ | ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠬᠢᠨᠠᠮᠠᠭᠠᠶ ᠰᠤᠳᠤᠯᠤᠨ ᠰᠢᠢᠳᠪᠦᠷᠢᠯᠡᠵᠦ᠂ ᠵᠣᠬᠢᠶᠠᠨ | ᠪᠠᠶᠢᠭᠤᠯᠤᠨ ᠵᠣᠬᠢᠴᠠᠭᠤᠯᠬᠤ ᠪᠠᠨ ᠴᠢᠩᠭᠠᠳᠬᠠᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ | ᠲᠣᠭᠲᠠᠭᠠᠵᠤ᠂ ᠡᠭᠦᠷᠭᠡ ᠶᠢᠨ ᠬᠡᠷᠡᠭᠵᠢᠭᠦᠯᠦᠯᠲᠡ ᠶᠢ ᠠᠬᠢᠭᠤᠯᠤᠨ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ | ᠴᠢᠩᠭᠠᠷᠠᠭᠤᠯᠵᠤ᠂ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ | ᠨᠡᠶᠢᠯᠡᠮᠡᠯ ᠬᠦᠴᠦᠨ ᠢ ᠪᠣᠶ ᠪᠣᠯᠭᠠᠵᠤ᠂ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠣᠷᠣᠨ ᠨᠤᠲᠤᠭ ᠤᠨ ᠡᠳ᠋ ᠤᠨ | ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠵᠠᠷᠤᠳᠠᠯ ᠤᠨ ᠣᠷᠣᠭᠤᠯᠤᠯᠲᠠ ᠶᠢᠨ ᠴᠠᠭ ᠠᠭᠤᠷ ᠤᠨ ᠰᠠᠯᠠᠭ᠎ᠠ ᠮᠥᠴᠢᠷ ᠤᠨ ᠠᠵᠢᠯᠲᠠᠨ | ᠠᠵᠢᠯᠴᠢᠨ ᠤ ᠡᠮᠴᠢᠯᠡᠭᠡ᠂ ᠨᠠᠰᠤᠵᠢᠯ ᠤᠨ ᠠᠰᠠᠷᠠᠮᠵᠢ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠬᠠᠷᠢᠶ᠎ᠠ | ᠤᠷᠢᠳᠴᠢᠯᠠᠭᠰᠠᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠳᠠᠯᠢ ᠬᠤᠲᠠ ᠳᠤ | ᠠᠳᠠᠯᠢ ᠣᠯᠭᠤᠮᠵᠢ ᠣᠯᠭᠤᠬᠤ ᠶᠢ ᠪᠡᠶᠡᠯᠡᠭᠦᠯᠦᠨ᠎ᠡ᠃ ᠴᠠᠭ ᠠᠭᠤᠷ ᠤᠨ ᠦᠢᠯᠡᠰ ᠤᠨ ᠠᠵᠢᠯᠯᠠᠭᠠᠨ ᠪᠠ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠲᠥᠰᠦᠪ ᠲᠤ ᠣᠷᠣᠭᠤᠯᠵᠤ᠂ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠳᠡᠮᠵᠢᠨ᠎ᠡ᠃ | ︵ᠭᠤᠷᠪᠠ︶ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ᠃ ᠴᠠᠭ ᠠᠭᠤᠷ ᠤᠨ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠠᠭᠤᠷ | ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠶᠤᠩᠭ᠎ᠠ ᠴᠠᠬᠢᠯᠭᠠᠨ ᠤ ᠭᠠᠮᠰᠢᠭ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠨᠠᠶᠢᠳᠠᠪᠤᠷᠢᠵᠢᠭᠤᠯᠤᠨ᠎ᠠ᠃ ᠴᠠᠭ ᠠᠭᠤᠷ ᠤᠨ | ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠪᠠ ᠨᠠᠶᠢᠳᠠᠪᠤᠷᠢᠵᠢᠭᠤᠯᠤᠨ ᠬᠡᠷᠡᠭᠯᠡᠬᠦ ᠠᠵᠢᠯ ᠢ ᠴᠢᠩᠭᠠᠳᠬᠠᠨ᠎ᠠ᠃ | ︵ᠳᠥᠷᠪᠡ︶ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠨ᠎ᠠ᠃ ᠴᠠᠭ ᠠᠭᠤᠷ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠴᠠᠭ ᠠᠭᠤᠷ ᠤᠨ ᠴᠢᠳᠠᠪᠤᠷᠢᠲᠠᠨ ᠢ ᠬᠢᠩᠭᠠᠨ | ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ | ᠰᠢᠰᠲ᠋ᠧᠮᠵᠢ ᠳᠤ ᠣᠷᠣᠭᠤᠯᠤᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ᠂ ᠠᠵᠢᠯ ᠤᠨ ᠪᠠᠶᠢᠷᠢ ᠶᠢᠨ | ᠣᠯᠭᠤᠮᠵᠢ᠂ ᠠᠮᠢᠳᠤᠷᠠᠯ ᠤᠨ ᠪᠠᠲᠤᠯᠠᠭ᠎ᠠ ᠵᠡᠷᠭᠡ ᠬᠠᠮᠢᠶ᠎ᠠ ᠪᠥᠬᠦᠶ ᠣᠯᠭᠤᠮᠵᠢ ᠶᠢ ᠨᠠᠶᠢᠳᠠᠪᠤᠷᠢᠵᠢᠭᠤᠯᠤᠨ᠎ᠠ᠃ ᠴᠠᠭ | ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠣᠷᠣᠨ ᠨᠤᠲᠤᠭ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠴᠠᠭ ᠠᠭᠤᠷ ᠬᠢᠭᠡᠳ ᠠᠵᠢᠯ ᠲᠥᠷᠥᠯ ᠤᠨ ᠰᠠᠯᠠᠭ᠎ᠠ ᠮᠥᠴᠢᠷ᠂ ᠳᠡᠭᠡᠳᠦ ᠰᠤᠷᠭᠠᠭᠤᠯᠢ | ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠣᠯᠠᠨ ᠬᠦᠷᠢᠶ᠎ᠡ ᠴᠠᠷᠠᠭ᠎ᠠ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ | ᠬᠠᠮ ᠬᠡᠯᠪᠡᠷᠢ ᠶᠢᠨ ᠴᠠᠭ ᠠᠭᠤᠷ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ | ︵ᠲᠠᠪᠤ︶ ᠠᠵᠢᠯ ᠤᠨ ᠦᠨᠡᠯᠡᠯᠲᠡ ᠶᠢ ᠴᠢᠩᠭᠠᠳᠬᠠᠨ᠎ᠠ᠃ ᠠᠶᠢᠮᠠᠭ ᠤᠨ ᠴᠠᠭ ᠠᠭᠤᠷ ᠤᠨ ᠲᠣᠪᠴᠢᠶ᠎ᠠ | ᠪᠣᠯᠤᠨ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠴᠠᠭ ᠠᠭᠤᠷ ᠤᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠠᠮᠢᠶ᠎ᠠ ᠪᠥᠬᠦᠶ ᠠᠵᠢᠯ ᠤᠨ ᠡᠭᠦᠷᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠦᠷ᠎ᠡ ᠪᠦᠲᠦᠮᠵᠢ ᠶᠢ ᠨᠢ | ᠠᠰᠠᠭᠤᠵᠤ᠂ ᠠᠵᠢᠯ ᠤᠨ ᠦᠨᠡᠯᠡᠯᠲᠡ ᠶᠢ ᠴᠢᠩᠭᠠᠷᠠᠭᠤᠯᠤᠨ᠂ ᠴᠠᠭ ᠲᠤᠨᠢ ᠳᠣᠭᠢᠷᠠᠭᠤᠯᠤᠨ ᠦᠨᠡᠯᠡᠨ ᠵᠢᠱᠢᠬᠦ ᠶᠢ | ᠥᠷᠨᠢᠭᠦᠯᠵᠦ᠂ ᠡᠯ᠎ᠡ ᠵᠦᠢᠯ ᠤᠨ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠬᠡᠷᠡᠭᠵᠢᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ | |