ᠬᠤᠰᠢᠭᠤᠨ ᠤ ᠰᠤᠷᠭᠠᠭᠤᠯᠢ ᠶᠢᠨ ᠠᠮᠤᠷ ᠲᠦᠪᠰᠢᠨ ᠤ ᠵᠥᠪᠯᠡᠯ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/6
    ᠪᠥᠬᠦ ᠬᠤᠰᠢᠭᠤᠨ ᠤ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ 9 ᠰᠠᠷ᠎ᠠ ᠶᠢᠨ 5 ᠤ ᠡᠳᠦᠷ᠂ ᠵᠠᠯᠠᠶᠢᠳ ᠬᠤᠰᠢᠭᠤᠨ ᠤ ᠰᠤᠷᠭᠠᠭᠤᠯᠢ ᠶᠢᠨ ᠠᠮᠤᠷ ᠲᠦᠪᠰᠢᠨ ᠤ ᠵᠥᠪᠯᠡᠯ 2023 ᠣᠨ ᠤ ᠨᠠᠮᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠪᠠ᠃    ᠬᠤᠷᠠᠯ ᠠᠴᠠ᠂ ᠡᠯ᠎ᠡ ᠪᠦᠷᠢᠯᠳᠦᠭᠦᠨ ᠨᠢᠭᠡᠴᠢ ᠶᠢᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠰᠤᠷᠭᠠᠭᠤᠯᠢ  ᠳᠤ ᠣᠷᠣᠵᠤ᠂ ᠰᠤᠷᠭᠠᠭᠤᠯᠢ ᠶᠢ ᠬᠠᠪᠰᠤᠷᠤᠨ ᠠᠰᠠᠭᠤᠳᠠᠯ ᠢ ᠢᠯᠡᠷᠡᠭᠦᠯᠤᠨ ᠰᠤᠷᠭᠠᠭᠤᠯᠢ ᠶᠢ ᠵᠢᠯᠣᠭᠤᠳᠤᠨ ᠠᠰᠠᠭᠤᠳᠠᠯ ᠢ ᠰᠢᠢᠳᠪᠦᠷᠢᠯᠡᠵᠦ᠂ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠡᠯ᠎ᠡ ᠪᠦᠷᠢᠯᠳᠦᠭᠦᠨ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ᠂ ᠵᠠᠬ᠎ᠠ ᠳᠡᠯᠭᠡᠭᠦᠷ᠂ ᠵᠠᠮ ᠬᠠᠷᠢᠯᠴᠠᠭ᠎ᠠ᠂ ᠰᠣᠶᠣᠯ᠂ ᠭᠠᠯ ᠰᠡᠷᠭᠡᠶᠢᠯᠡᠵᠤ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠨ ᠬᠠᠮᠲᠤᠪᠠᠷ ᠣᠷᠣᠯᠴᠠᠭᠰᠠᠨ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠦᠷᠭᠦᠯᠵᠢᠯᠡᠨ ᠪᠠᠳᠠᠷᠠᠭᠤᠯᠤᠨ ᠲᠡᠭᠦᠯᠳᠡᠷᠵᠢᠭᠦᠯᠵᠦ᠂ ᠬᠠᠮᠲᠤᠷᠠᠭᠰᠠᠨ ᠬᠤᠷᠠᠯ ᠤᠨ ᠳᠦᠷᠢᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠪᠡᠶᠡᠯᠡᠭᠦᠯᠦᠨ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠬᠠᠤᠯᠢ ᠶᠣᠰᠣᠭᠠᠷ ᠬᠠᠮᠢᠶᠠᠷᠴᠤ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠢᠨᠠᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠨ᠂ ᠪᠠᠶᠢᠴᠠᠭᠠᠬᠤ ᠪᠠᠷ ᠥᠭᠡᠷᠡᠴᠢᠯᠡᠬᠦ ᠶᠢ ᠠᠬᠢᠭᠤᠯᠵᠤ᠂ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠪᠣᠳᠠᠲᠤ ᠦᠷ᠎ᠡ ᠪᠦᠲᠦᠮᠵᠢᠲᠦ ᠴᠢᠨᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃     ᠬᠤᠷᠠᠯ ᠤᠨ ᠳᠠᠷᠠᠭ᠎ᠠ᠂ ᠡᠯ᠎ᠡ ᠪᠦᠷᠢᠯᠳᠦᠭᠦᠨ ᠨᠢᠭᠡᠴᠢ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ ᠂ ᠲᠣᠰ ᠪᠡᠶ᠎ᠡ ᠶᠢᠨ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠲᠣᠰ ᠲᠣᠰ ᠪᠥᠬᠦ ᠬᠤᠰᠢᠭᠤᠨ ᠤ ᠡᠯ᠎ᠡ ᠰᠤᠷᠭᠠᠭᠤᠯᠢ ᠪᠠᠷ ᠭᠦᠨᠵᠡᠭᠡᠶᠢᠷᠡᠨ ᠰᠤᠷᠭᠠᠭᠤᠯᠢ ᠡᠬᠢᠯᠡᠬᠦ ᠡᠬᠢᠨ ᠤ ᠬᠤᠭᠤᠴᠠᠭᠠᠨ ᠤ ᠰᠤᠷᠭᠠᠭᠤᠯᠢ  ᠶᠢᠨ ᠠᠮᠤᠷ ᠲᠦᠪᠰᠢᠨ ᠤ ᠠᠵᠢᠯ ᠤᠨ ᠪᠠᠶᠢᠴᠠᠭᠠᠯᠲᠠ ᠶᠢ ᠥᠷᠨᠢᠭᠦᠯᠪᠡ᠃  
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号