ᠵᠠᠯᠠᠶᠢᠳ ᠬᠤᠰᠢᠭᠤ 2023 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠣᠷᠣᠭᠴᠢ ᠶᠢ ᠲᠤᠰᠠᠯᠠᠬᠤ ᠠᠵᠢᠯᠯᠠᠭ᠎ᠠ ᠪᠠᠨ ᠡᠬᠢᠨᠯᠭᠦᠯᠵᠡᠢ
ᠨᠡᠶᠢᠲᠡᠯᠡᠭᠰᠡᠨ ᠴᠠᠭ᠄
2023/9/7
     9 ᠰᠠᠷ᠎ᠠ ᠶᠢᠨ 6 ᠤ ᠡᠳᠣᠷ᠂ ᠵᠠᠯᠠᠶᠢᠳ ᠬᠤᠰᠢᠭᠤ 2023 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠣᠷᠣᠭᠴᠢ ᠶᠢ ᠲᠤᠰᠠᠯᠠᠬᠤ ᠠᠵᠢᠯ ᠤᠨ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ᠂ 2023 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠣᠷᠣᠭᠴᠢ ᠶᠢ ᠲᠤᠰᠠᠯᠠᠬᠤ ᠠᠵᠢᠯ ᠢ ᠳ᠋ᠦᠩᠨᠡᠭᠰᠡᠨ ᠪᠥᠭᠡᠳ ᠨᠠᠮᠤᠷ ᠤᠨ ᠤᠯᠠᠷᠢᠯ ᠤᠨ ᠪᠥᠬᠦ ᠬᠤᠰᠢᠭᠤᠨ ᠤ ᠰᠣᠷᠣᠭᠴᠢ ᠶᠢ ᠲᠤᠰᠠᠯᠠᠬᠤ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠬᠢᠵᠡᠢ᠃ ︽ᠬᠢᠩᠭᠠᠨ ᠠᠶᠢᠮᠠᠭ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢ ᠶᠢ ᠮᠠᠭᠠᠳᠯᠠᠨ ᠲᠣᠭᠲᠠᠭᠠᠬᠤ ᠶᠢ ᠬᠡᠷᠡᠭᠵᠢᠭᠦᠯᠬᠦ ᠨᠠᠷᠢᠨ ᠳᠦᠷᠢᠮ︾ ᠵᠡᠷᠭᠡ ᠶᠢ ᠰᠤᠷᠤᠯᠴᠠᠨ ᠤᠯᠠᠮᠵᠢᠯᠠᠵᠤ᠂ ᠭᠡᠷ ᠪᠦᠯᠢ ᠶᠢᠨ ᠠᠵᠤ ᠠᠬᠤᠢ ᠶᠢᠨ ᠬᠦᠴᠢᠷᠳᠡᠯ ᠢ ᠮᠠᠭᠠᠳᠯᠠᠨ ᠲᠣᠭᠲᠠᠭᠠᠬᠤ ᠠᠵᠢᠯ ᠪᠠ ᠰᠣᠷᠣᠭᠴᠢ ᠶᠢ ᠲᠤᠰᠠᠯᠠᠭᠰᠠᠨ ᠲᠠᠩᠰᠠ ᠡᠪᠬᠡᠮᠡᠯ᠂ ᠰᠣᠷᠣᠭᠴᠢ ᠶᠢ ᠲᠤᠰᠠᠯᠠᠭᠰᠠᠨ ᠰᠢᠰᠲ᠋ᠧᠮ ᠤᠨ ᠠᠵᠢᠯᠯᠠᠭᠠᠨ ᠳᠤ ᠨᠠᠷᠢᠨ ᠨᠢᠮᠪᠠᠢ ᠵᠢᠯᠣᠭᠤᠳᠤᠯᠭ᠎ᠠ ᠬᠢᠵᠡᠢ᠃       ᠬᠤᠷᠠᠯ ᠠᠴᠠ᠂ ᠪᠥᠬᠦ ᠬᠤᠰᠢᠭᠤᠨ ᠤ ᠡᠯ᠎ᠡ ᠰᠤᠷᠭᠠᠭᠤᠯᠢ ᠨᠤᠭᠤᠳ ᠣᠨᠴᠠ ᠬᠦᠴᠢᠷᠳᠡᠯᠲᠡᠢ   ᠬᠦᠮᠦᠰ ᠤᠨ ᠠᠵᠢᠯ ᠢ ᠲᠠᠰᠤᠷᠠᠯᠲᠠ ᠦᠭᠡᠢ ᠴᠢᠩᠭᠠᠳᠬᠠᠵᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠣᠷᠣᠭᠴᠢ ᠶᠢ ᠲᠤᠰᠠᠯᠠᠬᠤ ᠬᠠᠮᠢᠶᠠᠷᠤᠯᠲᠠ ᠶᠢ ᠪᠥᠬᠦ ᠲᠠᠯ᠎ᠠ ᠪᠠᠷ ᠵᠢᠷᠤᠮᠵᠢᠭᠤᠯᠬᠤ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠢᠳᠡᠪᠬᠢᠲᠡᠢ ᠪᠠᠷ ᠠᠵᠢᠯᠯᠠᠬᠤ ᠬᠡᠷᠡᠭᠲᠡᠢ᠃ ᠢᠯᠡ ᠲᠣᠳᠣ᠂ ᠲᠥᠪ ᠭᠤᠥᠯᠴᠢ᠂ ᠡᠷᠬᠡ ᠲᠡᠭᠰᠢ ᠪᠠᠶᠢᠬᠤ ᠵᠠᠷᠴᠢᠮ ᠢ ᠪᠠᠷᠢᠮᠲᠠᠯᠠᠨ ᠭᠡᠷ ᠪᠦᠯᠢ ᠶᠢᠨ ᠠᠵᠤ ᠠᠬᠤᠢ  ᠨᠢ ᠬᠦᠴᠢᠷᠳᠡᠯᠲᠡᠢ ᠰᠣᠷᠣᠭᠴᠢ ᠶᠢ ᠦᠨᠡᠯᠡᠬᠦ ᠠᠵᠢᠯ ᠢ ᠥᠷᠨᠢᠭᠦᠯᠵᠦ᠂ ᠲᠣᠰ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢ ᠶᠢ ᠦᠨᠡᠯᠡᠬᠦ ᠠᠵᠢᠯ ᠤᠨ ᠳᠤᠭᠤᠶᠢᠯᠠᠩ ᠤᠨ ᠰᠢᠯᠭᠠᠵᠤ ᠬᠠᠷᠢᠭᠤᠴᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠡᠳ᠋ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠠᠷᠢᠯᠢᠭ ᠣᠨᠣᠴᠠᠲᠠᠢ ᠪᠠᠷ ᠡᠳ᠋ ᠮᠥᠩᠭᠦ ᠪᠠᠷ ᠲᠤᠰᠠᠯᠠᠬᠤ ᠠᠵᠢᠯ ᠢ ᠰᠠᠶᠢᠲᠤᠷ ᠬᠢᠵᠦ᠂ ᠡᠳ᠋ ᠮᠥᠩᠭᠦ ᠪᠠᠷ ᠲᠤᠰᠠᠯᠠᠵᠤ ᠬᠥᠮᠥᠨ ᠢ ᠬᠥᠮᠥᠵᠢᠭᠦᠯᠬᠦ ᠦᠢᠯᠡᠳᠦᠯ ᠢ ᠪᠠᠳᠠᠷᠠᠭᠤᠯᠤᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠰᠣᠷᠣᠭᠴᠢ ᠶᠢ ᠡᠳ᠋ ᠮᠥᠩᠭᠦ ᠪᠠᠷ ᠲᠤᠰᠠᠯᠠᠬᠤ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠤ ᠱᠠᠭᠠᠷᠳᠠᠵᠠᠢ᠃
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号