︽ᠵᠠᠯᠠᠶᠢᠳ ᠬᠤᠰᠢᠭᠤᠨ ᠤ ᠪᠥᠬᠦ ᠣᠷᠣᠨ ᠪᠦᠰᠡ ᠶᠢᠨ ᠦᠨᠳᠤᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠬᠤ ᠲᠤᠬᠠᠢ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/1/11
    ᠵᠠᠯᠠᠶᠢᠳ ᠵᠠᠰᠠᠭ ᠠᠯᠪᠠᠨ ᠦᠰᠦᠭᠳᠣ〔2023〕42 ᠳ᠋ᠣᠭᠠᠷ ᠲᠤᠭᠠᠳᠣᠡᠯ᠎ᠡ ᠰᠤᠮᠤ᠂ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄    ︽ᠵᠠᠯᠠᠶᠢᠳ ᠬᠤᠰᠢᠭᠤᠨ ᠤ ᠪᠥᠬᠦ ᠣᠷᠣᠨ ᠪᠦᠰᠡ ᠶᠢᠨ ᠦᠨᠳᠤᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾  ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃                                2023 ᠣᠨ ᠤ 12 ᠰᠠᠷ᠎ᠠ ᠶᠢᠨ 5 ᠤ ᠡᠳᠣᠷ     ᠳᠠᠭᠠᠯᠳᠤᠭᠤᠯᠤᠯ  ᠵᠠᠯᠠᠶᠢᠳ ᠬᠤᠰᠢᠭᠤᠨ ᠤ ᠪᠥᠬᠦ ᠣᠷᠣᠨ ᠪᠦᠰᠡ ᠶᠢᠨ ᠦᠨᠳᠤᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ     ︽ᠪᠥᠬᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠶᠢ ᠳᠡᠮᠵᠢᠬᠦ ᠲᠤᠬᠠᠢ ᠬᠦᠳᠡᠭᠡ ᠠᠵᠣ ᠠᠬᠤᠢ ᠬᠥᠳᠡᠭᠡ ᠲᠣᠰᠬᠤᠨ ᠤ ᠶᠠᠮᠤᠨ ᠤ ᠮᠡᠳᠡᠭᠳᠡᠯ︾ ᠤᠨ ᠶᠣᠰᠣᠭᠠᠷ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ ᠲᠣᠰ ᠬᠡᠷᠡᠭᠵᠢᠭᠦᠯᠬᠦ ᠰᠠᠨᠠᠯ ᠢ ᠲᠣᠭᠲᠠᠭᠠᠪᠠ᠃     ᠨᠢᠭᠡ᠂ ᠪᠠᠶᠢᠭᠤᠯᠤᠮᠵᠢ ᠪᠠᠶᠢᠭᠤᠯᠵᠤ ᠤᠳᠤᠷᠢᠳᠤᠯᠭ᠎ᠠ ᠪᠠᠨ ᠴᠢᠩᠭᠠᠳᠬᠠᠨ᠎ᠠ     ᠪᠦᠬᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ  ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ︽ᠬᠤᠣᠰ ᠳᠤᠭᠤᠶᠢᠯᠠᠩ ᠤᠨ ᠳᠠᠷᠤᠭ᠎ᠠ︾ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠦᠨ᠂ ᠠᠵᠢᠯ ᠤᠨ ᠲᠤᠰᠬᠠᠢ ᠠᠩᠭᠢ᠂ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠬᠤᠰᠢᠭᠤ ᠠᠴᠠ ᠶᠡᠷᠦᠩᠬᠡᠢ ᠬᠠᠷᠢᠭᠤᠴᠠᠯᠭ᠎ᠠ ᠶᠢ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠪᠠᠯᠭᠠᠰᠤ ᠲᠣᠰᠬᠤᠨ ᠨᠠᠶᠢᠳᠠᠪᠤᠷᠢᠵᠢᠭᠤᠯᠬᠤ᠂ ᠣᠯᠠᠨ ᠲᠦᠮᠡᠨ ᠣᠷᠣᠯᠴᠠᠬᠤ ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠣᠨ ᠤ ᠬᠠᠷᠠᠯᠲᠠᠲᠤ ᠡᠭᠦᠷᠭᠡ ᠶᠢᠨ ᠬᠢᠨᠠᠨ ᠰᠢᠯᠭᠠᠯᠲᠠ ᠳᠤ ᠣᠷᠣᠭᠤᠯᠵᠤ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠤᠰᠬᠠᠢ ᠱᠠᠯᠠᠪᠳᠠᠭᠤᠯᠤᠨ  ᠪᠠᠶᠢᠴᠠᠭᠠᠬᠤ᠂ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠮᠥᠷᠳᠡᠨ ᠬᠢᠨᠠᠯᠲᠠ ᠲᠠᠯᠪᠢᠵᠤ᠂ ᠤᠷᠤᠭᠰᠢᠲᠠᠢ ᠶᠠᠪᠤᠭᠳᠠᠬᠤ ᠶᠢ  ᠰᠠᠶᠢᠳᠣᠷ ᠪᠠᠲᠤᠯᠠᠨ᠎ᠠ᠃ ᠢᠨᠵᠧᠨᠧᠷᠢᠩ ᠢ ᠬᠡᠷᠡᠭᠵᠢᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠬᠠᠢ ᠶᠢᠨ ᠲᠠᠯᠠᠪᠠᠶ ᠳᠤ ᠠᠵᠢᠯᠯᠠᠬᠤ ᠬᠤᠷᠠᠯ ᠬᠤᠷᠠᠯᠳᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠨ᠎ᠠ᠃    ᠬᠤᠶᠠᠷ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠎ᠠᠪᠥᠬᠦ ᠣᠷᠣᠨ ᠪᠦᠰᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ᠂ ᠵᠦᠢ ᠶᠣᠰᠣᠴᠢ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠠᠬᠢᠭᠤᠯᠬᠤ ᠶᠢ ᠪᠠᠲᠤᠯᠠᠬᠤ ᠶᠢᠨ ᠲᠤᠰᠠᠳᠠ᠂ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠳᠦᠷᠢᠮ︾ ᠵᠢᠴᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠲᠥᠯᠥᠪᠵᠢᠭᠦᠯᠦᠨ ᠵᠢᠷᠤᠵᠤ ᠲᠥᠯᠥᠪᠯᠡᠬᠦ ᠪᠠ ᠵᠣᠬᠢᠶᠠᠨ ᠪᠠᠶᠢᠭᠤᠯᠤᠨ ᠬᠡᠷᠡᠭᠵᠢᠭᠦᠯᠤᠨ᠎ᠡ᠃ ᠪᠠᠷᠢᠯᠭ᠎ᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠠᠯ᠎ᠠ ᠪᠠᠷ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠢᠯᠠᠩᠭᠤᠶ᠎ᠠ ᠤᠰᠤᠨ ᠤ ᠡᠬᠢ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ᠂ ᠴᠠᠬᠢᠯᠭᠠᠨ ᠬᠦᠴᠦᠨ ᠤ ᠲᠥᠬᠦᠭᠡᠷᠦᠮᠵᠢ᠂ ᠤᠰᠤᠨ ᠬᠤᠭᠤᠯᠠᠢ ᠪᠠ ᠤᠰᠤᠨ ᠬᠥᠭᠡᠷᠭᠡ ᠶᠢᠨ ᠢᠵᠢ ᠪᠦᠷᠢᠳᠦᠭᠦᠯᠬᠦ ᠲᠠᠯ᠎ᠠ ᠪᠠᠷ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠶᠢᠬᠤ ᠪᠠᠷ ᠴᠢᠷᠮᠠᠶᠢᠵᠤ᠂ ᠡᠬᠢ ᠪᠠᠶᠠᠯᠢᠭ ᠪᠠ ᠪᠡᠯᠡ ᠣᠷᠣᠭᠤᠯᠤᠯᠲᠠ ᠶᠢ ᠪᠦᠷᠢᠯᠭᠡᠨ ᠰᠦᠢᠳᠬᠡᠬᠦ ᠠᠴᠠ ᠵᠠᠶᠢᠯᠠᠰᠬᠢᠵᠦ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢᠨ ᠭᠠᠵᠠᠷ ᠰᠢᠷᠣᠢ ᠶᠢᠨ ᠡᠵᠡᠩᠨᠡᠯᠳᠠ ᠶᠢᠨ ᠡᠷᠭᠡ ᠶᠢ ᠰᠢᠯᠵᠢᠬᠦᠯᠬᠦ ᠲᠣᠭᠲᠠᠴᠠ ᠪᠠᠶᠢᠭᠤᠯᠤᠨ ᠲᠡᠭᠦᠯᠳᠡᠷᠵᠢᠭᠦᠯᠵᠦ᠂ ᠵᠣᠬᠢᠰᠲᠠᠢ ᠬᠡᠪᠴᠢᠶᠡᠲᠦ ᠡᠵᠡᠩᠨᠡᠯᠲᠡ ᠶᠢ ᠬᠥᠭᠵᠢᠭᠦᠯᠦᠨ᠂ ︽ᠳᠠᠭᠠᠭᠠᠴᠢᠯᠠᠬᠤ ᠡᠷᠬᠡ᠂ ᠬᠡᠰᠡᠭᠯᠡᠨ ᠡᠵᠡᠩᠨᠡᠯᠲᠡ ᠶᠢᠨ ᠡᠷᠬᠡ ᠶᠢ ᠲᠣᠭᠲᠠᠪᠤᠷᠢᠵᠢᠭᠤᠯᠬᠤ︾ ᠠᠷᠭ᠎ᠠ ᠮᠠᠶ᠋ᠢᠭ ᠢ ᠠᠪᠴᠤ᠂ ᠤᠷᠢᠳᠠᠪᠠᠷ ᠡᠵᠡᠩᠨᠡᠯᠳᠠ ᠶᠢᠨ ᠡᠷᠭᠡ ᠶᠢ ᠰᠢᠯᠵᠢᠬᠦᠯᠤᠨ ᠲᠠᠷᠠᠭ᠎ᠠ ᠨᠢ ᠲᠥᠯᠥᠪᠵᠢᠭᠦᠯᠦᠨ᠂ ᠡᠬᠢ ᠪᠠᠶᠠᠯᠢᠭ ᠤᠨ ᠠᠰᠢᠭᠯᠠᠯᠲᠠ ᠪᠠ ᠢᠨᠵᠧᠨᠧᠷᠢᠩ ᠤᠨ ᠪᠡᠯᠡ ᠣᠷᠣᠭᠤᠯᠤᠯᠲᠠ ᠶᠢᠨ ᠬᠠᠮᠤᠭ ᠤᠨ ᠰᠠᠶᠢᠨ ᠨᠡᠶᠢᠯᠡᠯ ᠢ ᠪᠡᠶᠡᠯᠡᠭᠦᠯᠵᠦ᠂ ᠢᠨᠵᠧᠨᠧᠷᠢᠩ ᠤᠨ ᠬᠡᠷᠡᠭᠯᠡᠯᠲᠡ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠎ᠠ᠃    ᠭᠤᠷᠪᠠ᠂ ᠬᠠᠮᠢᠶᠠᠷᠤᠯᠲᠠ ᠪᠠᠨ ᠴᠢᠩᠭᠠᠳᠬᠠᠵᠤ ᠶᠠᠰᠤ ᠴᠢᠨᠠᠷ ᠢ ᠪᠠᠲᠤᠯᠠᠨ᠎ᠠ    ᠬᠤᠰᠢᠭᠤᠨ ᠲᠠᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠱᠠᠯᠠᠪᠳᠠᠭᠤᠯᠤᠨ ᠪᠠᠶᠢᠴᠠᠭᠠᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠵᠢᠯᠣᠭᠤᠳᠤᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠥᠬᠡ ᠲᠠᠯ᠎ᠠ ᠶᠢᠨ ᠲᠥᠯᠥᠭᠡᠯᠡᠭᠴᠢ ᠶᠢ ᠲᠣᠬᠢᠷᠠᠭᠤᠯᠵᠤ᠂ ᠲᠥᠷᠥᠯ ᠵᠦᠢᠯ ᠤᠨ ᠪᠠᠷᠢᠯᠭ᠎ᠠ ᠪᠠᠷᠢᠬᠤ ᠶᠠᠪᠤᠴᠠ ᠳᠤ ᠲᠥᠷᠥᠯ ᠵᠦᠢᠯ ᠤᠨ ᠲᠣᠭᠤᠷᠢᠭ ᠢ ᠰᠠᠬᠢᠨ ᠬᠠᠮᠠᠭᠠᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠮᠥᠷᠳᠡᠨ ᠪᠠᠶᠢᠴᠠᠭᠠᠵᠤ ᠵᠢᠯᠣᠭᠤᠳᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠲᠤᠯᠭᠠᠷᠠᠭᠰᠠᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠨ᠎ᠡ᠃ ᠬᠢᠨᠠᠨ ᠬᠠᠮᠢᠶᠠᠷᠬᠤ ᠨᠢᠭᠡᠴᠢ ᠶᠢ ᠵᠣᠬᠢᠶᠠᠨ ᠪᠠᠶᠢᠭᠤᠯᠤᠨ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ᠂ ᠡᠳᠦᠷ ᠤᠨ ᠪᠠᠷᠢᠯᠭ᠎ᠠ ᠶᠢᠨ ᠠᠵᠢᠯ ᠤᠨ ᠠᠬᠢᠴᠠ ᠪᠠᠨ ᠮᠡᠳᠡᠭᠦᠯᠬᠦ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠠᠬᠢᠴᠠ ᠪᠠ ᠶᠠᠰᠤ ᠴᠢᠨᠠᠷ ᠢ ᠴᠢᠩᠭ᠎ᠠ ᠬᠠᠮᠢᠶᠠᠷᠤᠨ ᠡᠵᠡᠮᠳᠡᠨ᠎ᠡ︔ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤᠮᠳᠠᠬᠢ ᠪᠠᠯᠭᠠᠰᠤ ᠲᠣᠰᠬᠤᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠤᠰᠢᠭᠤ᠂  ᠰᠣᠮᠣ ᠰᠢᠶᠠᠩ ᠪᠠᠯᠭᠠᠰᠣ ᠂  ᠭᠠᠴᠠᠭ᠎ᠠ ᠲᠣᠰᠬᠤᠨ ᠭᠤᠷᠪᠠᠨ ᠱᠠᠲᠤᠨ ᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠢᠨᠠᠨ ᠬᠠᠮᠢᠶᠠᠷᠬᠤ ᠨᠢᠭᠡᠴᠢ ᠲᠠᠢ ᠬᠠᠮᠵᠢᠯᠴᠠᠨ ᠮᠠᠲ᠋ᠧᠷᠢᠶᠠᠯ ᠤᠨ ᠶᠠᠰᠤ ᠴᠢᠨᠠᠷ ᠤᠨ ᠪᠣᠭᠤᠮᠲᠠ ᠪᠠ ᠪᠠᠷᠢᠯᠭ᠎ᠠ ᠶᠢᠨ ᠠᠵᠢᠯ ᠤᠨ ᠳᠠᠷᠠᠭᠠᠯᠠᠯ ᠤᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠠᠬᠢ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠪᠠᠶᠢᠭᠤᠯᠵᠤ᠂ ᠨᠠᠵᠠᠭᠠᠢ ᠲᠠᠯ᠎ᠠ ᠶᠢᠨ ᠨᠠᠷᠢᠨ ᠲᠠᠩᠰᠠᠨ ᠳᠤ ᠵᠢᠭᠰᠠᠭᠠᠭᠳᠠᠭᠰᠠᠨ ᠨᠢᠭᠡᠴᠢ ᠶᠢ ︽ᠬᠠᠷ᠎ᠠ ᠲᠠᠩᠰᠠ︾ ᠶᠢᠨ ᠬᠠᠮᠢᠶᠠᠷᠤᠯᠲᠠ ᠳᠤ ᠣᠷᠣᠭᠤᠯᠤᠨ᠎ᠠ᠃     ᠳᠥᠷᠪᠡ᠂ ᠲᠥᠪᠯᠡᠷᠡᠭᠦᠯᠦᠨ ᠬᠡᠰᠡᠭᠯᠡᠵᠤ  ᠬᠡᠪᠴᠢᠶᠡᠵᠢᠭᠦᠯᠦᠨ ᠠᠬᠢᠭᠤᠯᠤᠨ᠎ᠠ     ᠪᠦᠬᠦ᠋ᠢᠯᠡ ᠭᠠᠴᠠᠭ᠎ᠠ ᠲᠣᠰᠬᠤᠨ᠂ ᠪᠦᠬᠦ᠋ᠢᠯᠡ ᠰᠣᠮᠣ ᠰᠢᠶᠠᠩ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠲᠥᠪᠯᠡᠷᠡᠭᠦᠯᠦᠨ ᠬᠡᠰᠡᠭᠯᠡᠵᠦ ᠪᠦᠬᠦᠯᠢ ᠴᠣᠭᠴᠠ ᠪᠠᠷ ᠨᠢ ᠠᠬᠢᠭᠤᠯᠵᠤ᠂ ᠵᠢᠯ ᠪᠦᠷᠢ ᠶᠢᠨ ᠳᠥᠷᠪᠡᠳᠦᠭᠡᠷ ᠤᠯᠠᠷᠢᠯ ᠳᠤ ᠨᠢᠭᠡ ᠤᠳᠠᠭ᠎ᠠ ᠰᠢᠨᠡᠳᠬᠡᠨ ᠲᠣᠬᠢᠷᠠᠭᠤᠯᠵᠤ᠂ ︽ᠨᠢᠭᠡ ᠪᠦᠯᠦᠭ ᠢ ᠰᠦᠪᠡᠭᠴᠢᠯᠡᠵᠦ᠂ ᠨᠢᠭᠡ ᠪᠦᠯᠦᠭ ᠢ ᠬᠡᠷᠡᠭᠵᠢᠭᠦᠯᠵᠦ᠂ ᠨᠢᠭᠡ ᠪᠦᠯᠦᠭ ᠢ ᠪᠦᠲᠦᠭᠡᠨ ᠪᠠᠶᠢᠭᠤᠯᠵᠤ᠂ ᠨᠢᠭᠡ ᠪᠦᠯᠦᠭ ᠢ ᠠᠵᠢᠯᠯᠠᠭᠤᠯᠬᠤ︾ ᠣᠷᠴᠢᠯ ᠦᠷᠭᠦᠯᠵᠢᠯᠡᠬᠦ ᠲᠣᠭᠲᠠᠴᠠ ᠶᠢ ᠪᠤᠢ ᠪᠣᠯᠭᠠᠨ᠎ᠠ᠃ ᠲᠥᠷᠥᠯ ᠵᠦᠢᠯ ᠤᠨ ᠣᠷᠣᠨ ᠤ ᠳᠣᠲᠣᠷᠠᠬᠢ ᠡᠩ ᠤᠨ ᠲᠠᠷᠢᠶᠠᠨ ᠭᠠᠵᠠᠷ ᠢ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ ᠲᠣᠬᠢᠷᠠᠭᠤᠯᠤᠯᠲᠠ ᠬᠢᠵᠦ ᠨᠥᠬᠦᠵᠦ ᠬᠤᠪᠢᠶᠠᠷᠢᠯᠠᠬᠤ ᠳᠤ ᠪᠡᠯᠡᠳᠬᠡᠭᠰᠡᠨ ᠲᠠᠷᠢᠶᠠᠨ ᠭᠠᠵᠠᠷ ᠪᠣᠯᠭᠠᠨ ᠵᠡᠷᠭᠡ ᠳᠤᠨᠢ ᠬᠡᠷᠡᠭᠵᠢᠭᠦᠯᠵᠦ ᠪᠣᠯᠣᠨ᠎ᠠ᠃ ᠡᠭᠦᠨ ᠤ ᠬᠠᠮᠲᠤ᠂ ᠡᠩ ᠤᠨ ᠲᠠᠷᠢᠶᠠᠨ ᠭᠠᠵᠠᠷ ᠤᠨ ︽ᠣᠷᠣᠭᠤᠯᠵᠤ ᠭᠠᠷᠭᠠᠬᠤ ᠶᠢ ᠲᠡᠩᠴᠡᠭᠦᠷᠢᠲᠡᠢ ᠪᠠᠶᠢᠯᠭᠠᠬᠤ︾ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠲᠤ ᠲᠣᠬᠢᠷᠠᠭᠤᠯᠤᠯᠲᠠ ᠬᠢᠵᠦ ᠨᠥᠬᠦᠪᠦᠷᠢᠯᠡᠨ ᠬᠤᠪᠢᠶᠠᠷᠢᠯᠠᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠡᠩ ᠤᠨ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ︽ᠠᠮᠤ ᠪᠤᠳᠠᠭᠠᠨ ᠤ ᠲᠠᠷᠢᠮᠠᠯ ᠪᠤᠰᠤ ᠪᠣᠯᠭᠠᠬᠤ︾ ᠠᠴᠠ ᠵᠠᠶᠢᠯᠠᠰᠬᠢᠵᠦ᠂ ᠭᠤᠤ ᠵᠠᠮ ᠵᠡᠷᠭᠡ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠡᠵᠡᠯᠡᠬᠦ ᠬᠠᠷᠢᠴᠠᠯ ᠢ ᠴᠢᠩᠭ᠎ᠠ ᠬᠢᠵᠠᠭᠠᠷᠯᠠᠵᠤ᠂ ᠡᠩ ᠤᠨ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠪᠠᠭᠠᠰᠬᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃     ᠲᠠᠪᠤ᠂ ᠨᠢᠭᠡᠳᠦᠯᠲᠡᠢ ᠲᠥᠯᠥᠪᠵᠢᠭᠦᠯᠵᠦ ᠰᠢᠨᠵᠢᠯᠡᠬᠦ ᠤᠬᠠᠭᠠᠨᠴᠢ ᠪᠠᠷ ᠵᠠᠰᠠᠨ᠎ᠠ     ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠰᠡᠳᠬᠢᠴᠡ ᠶᠢ ᠪᠠᠷᠢᠮᠲᠠᠯᠠᠨ᠂ ᠠᠭᠯᠠᠭ ᠠᠭᠤᠯᠠ᠂ ᠠᠲᠠᠷ ᠬᠥᠲᠥᠯ᠂ ᠨᠠᠯᠠᠤ ᠲᠠᠷᠢᠶᠠᠨ ᠭᠠᠵᠠᠷ᠂ ᠢᠳᠡᠭᠳᠡᠯ ᠤᠨ ᠭᠤᠤ ᠶᠢ ᠨᠢᠭᠡ ᠴᠣᠭᠴᠠᠵᠢᠭᠤᠯᠤᠨ ᠵᠠᠰᠠᠬᠤ ᠶᠢ ᠨᠢᠭᠡᠳᠦᠯᠲᠡᠢ ᠲᠥᠯᠥᠪᠯᠡᠵᠦ᠂ ᠰᠠᠶᠢᠨ ᠰᠠᠶᠢᠬᠠᠨ ᠠᠮᠢ ᠠᠬᠤᠢ ᠶᠢᠨ ᠬᠦᠷᠢᠶ᠎ᠡ ᠶᠢ ᠪᠠᠶᠢᠭᠤᠯᠵᠤ᠂ ᠤᠰᠤᠨ ᠳᠤ ᠢᠳᠡᠭᠳᠡᠬᠦ᠂ ᠰᠠᠯᠬᠢᠨ ᠳᠤ ᠢᠳᠡᠭᠳᠡᠬᠦ ᠶᠢᠨ ᠲᠠᠷᠢᠮᠠᠯ ᠳᠤ ᠦᠵᠡᠭᠦᠯᠬᠦ ᠨᠥᠯᠥᠭᠡ ᠶᠢ ᠪᠦᠲᠦᠮᠵᠢᠲᠡᠶ ᠪᠠᠭᠠᠰᠬᠠᠨ᠎ᠠ᠃ ᠠᠭᠯᠠᠭ ᠠᠭᠤᠯᠠ ᠠᠲᠠᠷ ᠬᠥᠲᠥᠯ ᠳᠤ ᠮᠣᠳᠣ ᠳᠠᠷᠢᠵᠤ ᠣᠶᠢᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠰᠤ ᠬᠠᠳᠠᠭᠠᠯᠠᠬᠤ ᠴᠢᠳᠠᠪᠤᠷᠢ ᠪᠠᠨ ᠨᠡᠮᠡᠭᠳᠡᠭᠦᠯᠵᠦ᠂ 15 ᠭᠷᠡᠳᠦ᠋ᠰ ᠠᠴᠠ ᠪᠠᠭ᠎ᠠ ᠨᠠᠯᠠᠤ ᠶᠢᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂  ᠥᠨᠳᠥᠷ ᠳᠠᠯᠠᠩ + ᠠᠮᠢ ᠠᠬᠤᠢ ᠶᠢᠨ ᠳᠠᠯᠠᠩ ᠤᠨ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠬᠡᠷᠡᠭᠯᠡᠨ᠂ ᠲᠠᠷᠢᠶᠠᠨ ᠭᠠᠵᠠᠷ ᠤᠨ ᠣᠶ ᠶᠢᠨ ᠲᠣᠥᠷᠵᠢᠯᠲᠠ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠠᠯᠤᠰ ᠰᠡᠷᠡᠯ ᠤᠨ ᠬᠢᠨᠠᠨ ᠡᠵᠡᠮᠰᠢᠯ᠂ ᠢᠨᠲ᠋ᠧᠷ ᠰᠦᠯᠵᠢᠶ᠎ᠡ +᠂ ᠲᠣᠮᠣ ᠳ᠋ᠠᠶᠢᠲ᠋ᠠ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠨ᠂ ᠵᠢᠷᠤᠮᠵᠢᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃     ᠵᠢᠷᠭᠤᠭ᠎ᠠ᠂ ᠤᠯᠠᠨ ᠲᠦᠮᠡᠨ ᠢ ᠳᠠᠶᠢᠴᠢᠯᠠᠵᠤ ᠢᠳᠡᠪᠬᠢᠲᠡᠢ ᠣᠷᠣᠯᠴᠠᠭᠤᠯᠤᠨ᠎ᠠ     ᠣᠯᠠᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠬᠢᠨᠠᠯᠲᠠ ᠲᠠᠯᠪᠢᠬᠤ᠂ ᠰᠢᠯᠭᠠᠨ ᠠᠪᠬᠤ ᠪᠠ ᠬᠠᠮᠢᠶᠠᠷᠤᠨ ᠬᠠᠮᠠᠭᠠᠯᠠᠬᠤ ᠪᠦᠬᠦ ᠶᠠᠪᠤᠴᠠ ᠳᠤ ᠢᠳᠡᠪᠬᠢᠲᠡᠢ ᠣᠷᠣᠯᠴᠠᠭᠤᠯᠵᠤ᠂ ᠪᠡᠯᠡ ᠮᠥᠩᠭᠦ ᠬᠥᠳᠡᠯᠮᠦᠷᠢ ᠬᠦᠴᠦ ᠣᠷᠣᠭᠤᠯᠬᠤ ᠶᠢ ᠢᠳᠡᠪᠬᠢᠲᠡᠢ ᠥᠷᠨᠢᠭᠦᠯᠵᠦ᠂ ᠮᠦ ᠪᠦᠷᠢ ᠶᠢ 100 ᠲᠥᠭᠦᠷᠢᠭ ᠠᠴᠠ ᠳᠡᠭᠡᠭᠰᠢ ᠳᠤ ᠬᠦᠷᠦᠭᠦᠯᠵᠦ᠂ ᠭᠤᠣᠯᠳᠠᠭᠤ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ᠂ ᠲᠠᠷᠢᠶᠠᠨ ᠳᠤ ᠣᠷᠭᠠᠨᠢᠭ ᠪᠣᠷᠳᠣᠭᠤᠷ ᠢ ᠬᠡᠷᠡᠭᠯᠡᠬᠦ᠂ ᠡᠷᠭᠢᠯᠳᠦᠭᠦᠯᠦᠨ ᠬᠠᠭᠠᠯᠪᠤᠷᠢᠯᠠᠬᠤ ᠵᠡᠷᠭᠡ ᠲᠠᠯ᠎ᠠ ᠪᠠᠷ ᠲᠣᠭᠠᠴᠠᠭ᠎ᠠ ᠬᠢᠬᠦ ᠶᠢ ᠢᠯᠡᠷᠡᠭᠦᠯᠵᠦ᠂ ᠲᠠᠷᠢᠶᠠᠴᠢᠳ ᠤᠨ ᠪᠡᠯᠡ ᠮᠥᠩᠭᠦ ᠬᠥᠳᠡᠯᠮᠦᠷᠢ ᠬᠦᠴᠦ ᠣᠷᠣᠭᠤᠯᠬᠤ ᠶᠢ ᠡᠳ᠋ ᠤᠨ ᠵᠠᠰᠠᠭ ᠤᠨ ᠣᠷᠣᠭᠤᠯᠤᠯᠲᠠ ᠯᠤᠭ᠎ᠠ ᠵᠡᠷᠭᠡ ᠪᠠᠷ ᠵᠢᠷᠤᠭᠯᠠᠨ ᠲᠥᠯᠥᠪᠯᠡᠵᠦ᠂ ᠵᠡᠷᠭᠡ ᠪᠠᠷ ᠰᠢᠯᠭᠠᠨ ᠠᠪᠴᠤ᠂ ᠲᠠᠷᠢᠶᠠᠴᠢᠳ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠬᠠᠮᠤᠭ ᠤᠨ ᠶᠡᠭᠡ ᠬᠡᠮᠵᠢᠶ᠎ᠡ ᠪᠠᠷ ᠳᠠᠶᠢᠴᠢᠯᠠᠨ᠎ᠠ᠃ ᠳᠠᠭᠠᠭᠠᠴᠢᠯᠠᠯᠲᠠ ᠣᠯᠣᠭᠰᠠᠨ ᠪᠠᠷᠢᠯᠭ᠎ᠠ ᠶᠢᠨ ᠠᠵᠤ ᠠᠬᠤᠶᠢᠯᠠᠯ ᠤᠨ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠰᠤᠪᠠᠭ ᠬᠤᠭᠤᠯᠠᠢ ᠮᠠᠯᠲᠠᠵᠤ ᠪᠥᠭᠯᠡᠬᠦ ᠵᠡᠷᠭᠡ ᠮᠡᠷᠭᠡᠵᠢᠯ ᠤᠨ ᠱᠠᠭᠠᠷᠳᠠᠯᠭ᠎ᠠ ᠪᠠᠷ ᠨᠡᠯᠢᠶᠡᠳ ᠳᠣᠣᠷ᠎ᠠ ᠪᠠᠷᠢᠯᠭ᠎ᠠ ᠶᠢ ᠢᠳᠡᠪᠬᠢᠲᠡᠢ ᠰᠠᠨᠠᠭᠠᠴᠢᠯᠠᠵᠤ᠂ ᠬᠥᠳᠡᠯᠮᠦᠷᠢ ᠦᠢᠯᠡᠴᠢᠯᠡᠭᠡᠨ ᠤ ᠬᠤᠪᠢᠶᠠᠨ ᠳᠠᠭᠠᠭᠠᠴᠢᠯᠠᠬᠤ ᠠᠷᠭ᠎ᠠ ᠮᠠᠶ᠋ᠢᠭ ᠢᠶᠠᠷ ᠲᠥᠷᠥᠯ ᠵᠦᠢᠯ ᠤᠨ ᠪᠠᠶᠢᠭ᠎ᠠ ᠭᠠᠵᠠᠷ ᠤᠨ ᠭᠠᠴᠠᠭ᠎ᠠ ᠲᠣᠰᠬᠤᠨ ᠤ ᠬᠠᠮᠲᠤ ᠨᠡᠶᠢᠲᠡ ᠪᠤᠶᠤ ᠬᠤᠷᠰᠢᠶᠠᠵᠢᠯ ᠳᠤ ᠬᠠᠤᠯᠢ ᠶᠣᠰᠣᠭᠠᠷ ᠬᠤᠪᠢᠶᠠᠨ ᠳᠠᠭᠠᠭᠠᠴᠢᠯᠠᠭᠤᠯᠵᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠬᠡᠯᠪᠡᠷᠢ ᠪᠠᠷ ᠳᠠᠮᠵᠢᠭᠤᠯᠤᠨ ᠲᠠᠷᠢᠶᠠᠴᠢᠳ ᠤᠨ ᠬᠠᠤᠯᠢ ᠶᠣᠰᠣᠨ ᠤ ᠠᠰᠢᠭ ᠣᠷᠣᠯᠭ᠎ᠠ ᠶᠢ ᠨᠡᠮᠡᠭᠳᠡᠭᠦᠯᠤᠨ᠎ᠡ  ᠃    ᠲᠤᠯᠤᠭ᠎ᠠ᠂ ᠤᠯᠠᠨ ᠲᠦᠷᠦᠯ ᠢᠶᠠᠷ ᠡᠵᠡᠩᠨᠡᠵᠦ ᠭᠠᠷᠤᠯᠲᠠ ᠪᠠᠨ ᠨᠡᠮᠡᠭᠳᠡᠭᠦᠯᠤᠨ ᠬᠤᠷᠢᠶᠠᠯᠲᠠ ᠪᠠᠨ ᠠᠬᠢᠭᠤᠯᠤᠨ᠎ᠠ    ᠲᠦᠷᠦᠯ ᠵᠦᠢᠯᠡᠰ ᠢ ᠬᠡᠷᠡᠭᠵᠢᠭᠦᠯᠦᠭᠰᠡᠨ ᠤ ᠲᠠᠷᠠᠭ᠎ᠠ᠂ ᠵᠣᠬᠢᠬᠤ ᠬᠡᠮᠵᠢᠶᠡᠨ ᠤ ᠬᠡᠪᠴᠢᠶᠡᠲᠦ ᠦᠢᠯᠡᠳᠦᠯ ᠢ ᠭᠦᠢᠴᠡᠳ ᠪᠠᠳᠠᠷᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ᠃ ᠲᠠᠷᠢᠶᠠᠴᠢᠨ ᠡᠷᠦᠭᠡ ᠡᠵᠡᠩᠨᠡᠵᠦ ᠪᠠᠶᠢᠪᠠᠯ᠂ ᠨᠥᠬᠦᠴᠡᠯ ᠪᠣᠯᠣᠯᠴᠠᠭ᠎ᠠ ᠲᠠᠢ ᠪᠠᠶᠢᠳᠠᠯ ᠤᠨ ᠳᠣᠣᠷ᠎ᠠ ᠨᠢᠭᠡ ᠡᠷᠦᠭᠡ ᠳᠤ ᠨᠢᠭᠡ ᠲᠠᠷᠢᠶ᠎ᠠ ᠲᠠᠢ ᠪᠠᠶᠢᠬᠤ ᠳᠦᠷᠢᠮ ᠢ ᠬᠡᠷᠡᠭᠵᠢᠭᠦᠯᠦᠨ᠎ᠡ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠠᠴᠠ ᠡᠵᠡᠩᠨᠡᠭᠰᠡᠨ ᠪᠠᠶᠢᠪᠠᠯ᠂ ᠥᠪᠡᠰᠦᠪᠡᠨ ᠪᠡᠯᠡ ᠣᠷᠣᠭᠤᠯᠤᠭᠰᠠᠨ ᠬᠡᠰᠡᠭ ᠢ ᠰᠢᠨ᠎ᠡ ᠪᠠᠷ ᠨᠡᠮᠡᠭᠳᠡᠭᠰᠡᠨ ᠡᠵᠡᠩᠨᠡᠯᠲᠡ ᠶᠢᠨ ᠣᠷᠣᠯᠭ᠎ᠠ᠂ ᠪᠦᠬᠦᠯᠢ ᠪᠠᠶᠢᠭᠤᠯᠤᠮᠵᠢ ᠶᠢᠨ ᠳᠦᠷᠢᠮ ᠢᠶᠠᠷ ᠲᠠᠷᠢᠶᠠᠯᠠᠬᠤ ᠶᠢ ᠨᠠᠶᠢᠳᠠᠨ ᠬᠠᠮᠢᠶᠠᠷᠤᠭᠤᠯᠬᠤ ᠶᠢ ᠳᠡᠯᠭᠡᠷᠡᠭᠦᠯᠬᠦ᠂ ᠨᠡᠶᠢᠭᠡᠮᠴᠢᠯᠡᠭᠰᠡᠨ ᠦᠢᠯᠡᠴᠢᠯᠡᠭᠡᠨ ᠢ ᠥᠷᠨᠢᠭᠦᠯᠬᠦ ᠵᠡᠷᠭᠡ ᠠᠷᠭ᠎ᠠ ᠵᠠᠮ ᠢᠶᠠᠷ ᠪᠤᠴᠠᠭᠠᠨ ᠠᠪᠴᠤ᠂ ᠡᠵᠡᠩᠨᠡᠯᠲᠡ ᠶᠢᠨ ᠭᠤᠣᠯ ᠴᠣᠭᠴᠠ ᠶᠢᠨ ᠦᠷᠭᠦᠯᠵᠢᠯᠡᠨ ᠠᠰᠢᠭ ᠣᠯᠬᠤ ᠶᠢ  ᠦᠨᠡᠨ ᠬᠦ ᠪᠠᠲᠤᠯᠠᠨ᠎ᠠ᠃ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠠᠭᠤᠳᠠᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠣᠷᠣᠯᠭ᠎ᠠ ᠶᠢ ᠦᠷᠭᠦᠯᠵᠢᠯᠡᠨ  ᠲᠤᠭᠲᠠᠭᠤᠨ ᠢᠶᠠᠷ ᠨᠡᠮᠡᠭᠳᠡᠭᠦᠯᠦᠨ᠎ᠡ᠃     ᠨᠠᠢᠮᠠ᠂ ᠪᠡᠯᠡ ᠮᠥᠩᠭᠦ ᠶᠢ ᠴᠢᠩᠭ᠎ᠠ ᠬᠠᠮᠢᠶᠠᠷᠴᠤ ᠳᠠᠩᠰᠠ ᠪᠠ ᠪᠣᠳᠠᠲᠤ ᠵᠦᠢᠯ ᠢ ᠬᠠᠷᠢᠯᠴᠠᠨ ᠨᠡᠶᠢᠴᠡᠭᠦᠯᠤᠨ᠎ᠡ     ᠲᠥᠷᠥᠯ ᠵᠦᠢᠯ ᠤᠨ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠵᠤ᠂ ᠪᠡᠯᠡ ᠮᠥᠩᠭᠦ ᠶᠢᠨ ︽ᠲᠠᠩᠰᠠ ᠮᠡᠳᠡᠭᠦᠯᠬᠦ ᠳᠦᠷᠢᠮ︾ ᠢ ᠬᠡᠷᠡᠭᠵᠢᠭᠦᠯᠦᠨ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ︽ᠥᠨᠳᠥᠷ ᠳᠠᠷᠤᠯᠲᠠᠲᠤ ᠱᠤᠭᠤᠮ︾ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠤᠰᠬᠠᠢ ᠵᠣᠭᠤᠰ ᠢ ᠲᠤᠰᠬᠠᠢ ᠵᠦᠢᠯ ᠳᠤ ᠬᠡᠷᠡᠭᠯᠡᠬᠦ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠪᠡᠯᠡ ᠮᠥᠩᠭᠦ ᠶᠢ ᠲᠥᠷᠥᠯ ᠵᠦᠢᠯ ᠢ ᠳᠠᠭᠠᠵᠤ ᠶᠠᠪᠤᠬᠤ ᠶᠢ ᠪᠠᠷᠢᠮᠲᠠᠯᠠᠨ᠂ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠴᠢᠩᠳᠠᠯᠠᠵᠤ᠂ ᠳᠣᠷᠣᠭᠰᠢ ᠪᠠᠭᠤᠯᠭᠠᠭᠰᠠᠨ ᠪᠡᠯᠡ ᠮᠥᠩᠭᠦ ᠶᠢ ᠨᠢᠭᠡᠳ ᠨᠢᠭᠡ ᠪᠠᠷ ᠪᠠᠶᠢᠴᠠᠭᠠᠨ ᠲᠣᠳᠣᠯᠠᠵᠤ᠂ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠭᠦᠷᠪᠡᠯ ᠰᠠᠶ᠋ᠢ ᠳᠣᠷᠣᠭᠰᠢ ᠪᠠᠭᠤᠯᠭᠠᠨ ᠥᠭᠴᠦ᠂ ᠪᠢᠯᠧᠲ ᠪᠠ ᠪᠣᠳᠠᠲᠤ ᠵᠦᠢᠯ ᠢ ᠬᠠᠷᠢᠯᠴᠠᠨ ᠨᠡᠶᠢᠴᠡᠭᠦᠯᠵᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃     ᠶᠢᠰᠦ᠂ ᠲᠣᠭᠲᠠᠴᠠ ᠶᠢ ᠪᠦᠷᠢᠨᠰᠢᠭᠦᠯᠦᠨ ᠬᠠᠮᠢᠶᠠᠷᠴᠤ ᠬᠠᠮᠠᠭᠠᠯᠠᠬᠤ ᠶᠢ ᠴᠢᠩᠭᠠᠳᠬᠠᠨ᠎ᠠ     ︽ᠵᠠᠯᠠᠶᠢᠳ ᠬᠤᠰᠢᠭᠤᠨ ᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠨ ᠬᠠᠮᠠᠭᠠᠯᠠᠬᠤ ᠠᠷᠭ᠎ᠠ︾ ᠶᠣᠰᠣᠭᠠᠷ᠂ ︽ᠬᠡᠨ ᠠᠰᠢᠭ ᠭᠥᠷᠳᠡᠪᠡᠯ ᠬᠡᠨ ᠬᠠᠮᠢᠶᠠᠷᠤᠨ ᠬᠠᠮᠠᠭᠠᠯᠠᠵᠤ᠂ ᠬᠡᠨ ᠬᠡᠷᠡᠭᠯᠡᠪᠡᠯ ᠬᠡᠨ ᠬᠠᠷᠢᠭᠤᠴᠠᠬᠤ︾ ᠵᠠᠷᠴᠢᠮ ᠢ ᠪᠠᠷᠢᠮᠲᠠᠯᠠᠨ᠂ ᠰᠤᠮᠤ ᠰᠢᠶᠠᠩ ᠪᠠᠯᠭᠠᠰᠤ ︵ᠲᠥᠪ︶᠂ ᠭᠠᠴᠠᠭ᠎ᠠ ᠲᠣᠰᠬᠤᠨ ᠤ ᠬᠠᠮᠢᠶᠠᠷᠤᠨ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠭᠦᠨ ᠤ ᠬᠠᠮᠲᠤ᠂ ᠬᠠᠮᠢᠶᠠᠷᠴᠤ ᠬᠠᠮᠠᠭᠠᠯᠠᠬᠤ ᠲᠣᠭᠲᠠᠴᠠ ᠪᠠ ᠬᠠᠮᠢᠶᠠᠷᠴᠤ ᠬᠠᠮᠠᠭᠠᠯᠠᠬᠤ ᠡᠩᠨᠡᠭᠡ ᠶᠢ ᠪᠠᠶᠢᠭᠤᠯᠤᠨ ᠪᠦᠷᠢᠨᠰᠢᠭᠦᠯᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠣᠷᠳᠣ ᠬᠤᠭᠤᠴᠠᠭᠠᠨ ᠤ ᠦᠷ᠎ᠡ ᠠᠰᠢᠭ ᠢ ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ᠃  
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号