ᠵᠠᠯᠠᠶᠢᠳ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2024/1/22
   1 ᠰᠠᠷ᠎ᠠ ᠶᠢᠨ 20 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 42 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠷᠠᠯ ᠠᠴᠠ ︽2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠶᠠᠷᠢᠯᠴᠠᠬᠤ ᠨᠣᠤᠷᠠᠭ︶︾ ︽ᠵᠠᠯᠠᠶᠢᠳ ᠬᠤᠰᠢᠭᠤᠨ ᠤ ᠨᠤᠲᠤᠭ ᠪᠡᠯᠴᠢᠭᠡᠷ ᠲᠤ ᠬᠡᠲᠦ ᠪᠡᠯᠴᠢᠭᠡᠷᠯᠡᠬᠦᠯᠬᠦ ᠠᠰᠠᠭᠤᠳᠠᠯ ᠢ ᠰᠢᠢᠳᠪᠤᠷᠢᠯᠡᠬᠦ ᠲᠤᠷᠰᠢᠯᠲᠠ ᠶᠢᠨ ᠴᠡᠭ ᠤᠨ ᠠᠵᠢᠯ ᠤᠨ ᠲᠥᠰᠦᠯ︾ ︽ᠵᠠᠯᠠᠶᠢᠳ ᠬᠤᠰᠢᠭᠤᠨ ᠤ 2023 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠪᠠ 2024 ᠣᠨ ᠤ ᠡᠳ᠋ ᠤᠨ ᠵᠠᠰᠠᠭ ᠤᠨ ᠲᠥᠰᠦᠪ ︵ᠲᠥᠰᠦᠯ︶ ᠤᠨ ᠲᠤᠬᠠᠶ ᠮᠡᠳᠡᠭᠦᠯᠦᠯᠲᠡ︾ ︽2023 ᠣᠨ ᠤ ᠤᠯᠤᠰ ᠠᠷᠠᠳ ᠤᠨ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠭᠡᠭᠰᠡᠨ ᠪᠠᠶᠢᠳᠠᠯ ᠪᠠ 2024 ᠣᠨ ᠤ ᠤᠯᠤᠰ ᠠᠷᠠᠳ ᠤᠨ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠦᠯ︶ ᠶᠢᠨ ᠲᠤᠬᠠᠶ ᠮᠡᠳᠡᠭᠦᠯᠦᠯᠲᠡ︾ ᠶᠢ ᠰᠤᠳᠤᠯᠤᠨ ᠬᠢᠨᠠᠨ ᠵᠥᠪᠯᠡᠪᠡ᠃ 2024 ᠣᠨ ᠤ ᠠᠶᠢᠮᠠᠭ ᠤᠨ ᠲᠠᠰ ᠤᠨ ︽ᠭᠤᠷᠪᠠᠨ ᠨᠠᠷᠢᠨ ᠲᠠᠩᠰᠠ︾᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠥᠷᠥᠯ  ᠵᠦᠢᠯ ᠵᠡᠷᠭᠡ ᠬᠤᠯᠪᠣᠭᠳᠠᠯ ᠪᠥᠬᠦᠶ ᠵᠦᠢᠯᠡᠰ ᠢ ᠶᠠᠷᠢᠯᠴᠠᠨ ᠰᠤᠳᠤᠯᠪᠠ᠃    ᠬᠤᠷᠠᠯ ᠠᠴᠠ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠪᠣᠯ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠮᠥᠨ᠂ ᠵᠠᠯᠠᠶᠢᠳ ᠬᠤᠰᠢᠭᠤᠨ ᠤ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠂ ᠬᠤᠷᠠᠯ ᠤᠨ ᠶᠠᠷᠢᠯᠴᠠᠭᠠᠨ ᠤ ᠦᠷ᠎ᠡ ᠪᠦᠲᠦᠭᠡᠯ ᠢ ᠦᠨᠳᠦᠰᠦᠯᠡᠨ᠂ ᠡᠯ᠎ᠡ ᠲᠠᠯ᠎ᠠ ᠶᠢᠨ ᠬᠢᠨ ᠤ ᠰᠠᠨᠠᠯ ᠢ ᠭᠦᠢᠴᠡᠳ ᠰᠢᠩᠭᠡᠭᠡᠨ ᠠᠪᠴᠤ᠂ ᠨᠠᠷᠢᠨ ᠬᠢᠨᠠᠮᠠᠭᠠᠶ ᠵᠠᠰᠠᠨ ᠲᠡᠭᠦᠯᠳᠡᠷᠵᠢᠭᠦᠯᠵᠦ᠂ ᠠᠵᠢᠯ ᠤᠨ ᠪᠠᠶᠢᠳᠠᠯ ᠪᠠ ᠡᠯ᠎ᠡ ᠵᠦᠢᠯ ᠤᠨ ᠲᠤᠭ᠎ᠠ ᠪᠠᠷᠢᠮᠲᠠ ᠶᠢᠨ ᠵᠠᠰᠠᠭ ᠤᠨ ᠣᠷᠳᠣᠨ ᠤ ᠠᠵᠢᠯ ᠢ ᠨᠠᠷᠢᠨ ᠪᠣᠳᠠᠲᠠᠶ᠂ ᠣᠨᠣᠪᠴᠢᠲᠠᠶ᠂ ᠪᠤᠰᠤᠳᠴᠢ ᠪᠥᠬᠦ ᠲᠠᠯ᠎ᠠ ᠪᠠᠷ ᠦᠨᠡᠨ ᠪᠣᠳᠠᠲᠠᠶ ᠪᠠᠷ ᠲᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠨᠡ ᠵᠢᠯ ᠤᠨ ᠠᠵᠢᠯ ᠤᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠭᠤᠤᠯᠳᠠᠯᠭ᠎ᠠ ᠲᠠᠢ ᠡᠭᠦᠷᠭᠡ ᠪᠠ ᠵᠢᠱᠢᠭᠰᠡᠨ ᠬᠠᠷᠠᠯᠲᠠ ᠶᠢᠨ ᠲᠣᠭᠤᠷᠢᠨ ᠳᠤ ᠬᠠᠷᠠᠯᠲᠠ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠤᠨ᠂ ᠡᠭᠦᠷᠭᠡ ᠪᠠᠨ ᠬᠤᠪᠢᠶᠠᠷᠢᠯᠠᠵᠤ᠂ ᠡᠭᠦᠷᠭᠡ ᠶᠢᠨ ᠨᠠᠷᠢᠨ ᠲᠠᠩᠰᠠ ᠶᠢ ᠵᠦᠢᠯ ᠳᠠᠷᠠᠭᠠᠯᠠᠨ ᠵᠢᠭᠰᠠᠭᠠᠵᠤ᠂ ᠠᠵᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢᠨ ᠬᠦᠴᠦᠲᠡᠶ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠣᠨ ᠤ ᠬᠠᠷᠠᠯᠲᠠ᠂ ᠱᠠᠳᠤ ᠦᠶ᠎ᠡ ᠶᠢᠨ ᠬᠠᠷᠠᠯᠲᠠ ᠪᠠᠨ ᠲᠣᠳᠣᠷᠬᠠᠶᠢᠯᠠᠨ᠂ ᠪᠣᠳᠠᠲᠠᠢ ᠶᠠᠪᠤᠳᠠᠯ ᠢ ᠦᠨᠡᠨ ᠬᠦ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠠᠵᠢᠯ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠨᠤᠲᠤᠭ ᠪᠡᠯᠴᠢᠭᠡᠷ ᠲᠤ ᠬᠡᠲᠦ ᠪᠡᠯᠴᠢᠭᠡᠷᠯᠡᠬᠦᠯᠬᠦ ᠠᠰᠠᠭᠤᠳᠠᠯ ᠢ ᠰᠢᠢᠳᠪᠤᠷᠢᠯᠡᠬᠦ ᠲᠤᠷᠰᠢᠯᠲᠠ ᠶᠢᠨ ᠴᠡᠭ ᠤᠨ ᠠᠵᠢᠯ ᠢ ᠪᠤᠰᠤᠳ ᠭᠤᠤᠯᠳᠠᠯᠭ᠎ᠠ ᠲᠠᠢ ᠠᠵᠢᠯ ᠲᠠᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠮᠠᠯ ᠠᠵᠤ ᠠᠬᠤᠶ ᠶᠢᠨ ᠬᠥᠭᠵᠢᠯᠲᠡ ᠶᠢᠨ ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ ᠠᠮᠢ ᠠᠬᠤᠶ ᠶᠢᠨ ᠮᠠᠯ ᠠᠵᠤ ᠠᠬᠤᠶ ᠶᠢᠨ ᠰᠢᠨ᠎ᠡ ᠵᠠᠮ ᠢ ᠬᠠᠶᠢᠨ ᠰᠦᠪᠡᠭᠴᠢᠯᠡᠬᠦ ᠬᠡᠷᠡᠭᠲᠡᠶ ᠭᠡᠵᠦ ᠴᠢᠬᠤᠯᠠᠴᠢᠯᠠᠵᠠᠢ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号