ᠪᠠᠶ᠋ᠬᠠᠤᠯᠠᠭᠠᠨ ᠲᠤᠮᠢᠯᠠᠭᠰᠠᠨ ᠰᠠᠯᠪᠤᠷᠢ ᠶᠢᠨ ᠨᠠᠮ ᠤᠨ ᠡᠭᠦᠷ ︽ᠨᠠᠮ ᠤᠨ ᠠᠴᠢ ᠳᠤ ᠲᠠᠯᠠᠷᠬᠠᠵᠥ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠠᠢ
ᠨᠡᠶᠢᠲᠡᠯᠡᠭᠰᠡᠨ ᠴᠠᠭ᠄
2024/1/23
    1 ᠰᠠᠷ᠎ᠠ ᠶᠢᠨ 17 ᠤ ᠡᠳᠦᠷ᠂ ᠬᠢᠩᠭᠠᠨ ᠠᠶᠢᠮᠠᠬ ᠤᠨ ᠵᠠᠯᠠᠶᠢᠳ ᠬᠤᠰᠢᠭᠤᠨ ᠤ ᠲᠤᠳᠤᠭᠠᠳᠥ ᠶᠢ ᠬᠠᠮᠠᠭᠠᠯᠠᠬᠤ ᠲᠤᠪᠴᠢᠶ᠎ᠠ ᠶᠢᠨ ᠪᠠᠶ᠋ᠬᠠᠤᠯᠠᠭᠠᠨ ᠲᠤᠮᠢᠯᠠᠭᠰᠠᠨ ᠰᠠᠯᠪᠤᠷᠢ ᠶᠢᠨ ᠨᠠᠮ ᠤᠨ ᠡᠭᠦᠷ ︽ᠨᠠᠮ ᠤᠨ ᠠᠴᠢ ᠳᠤ ᠲᠠᠯᠠᠷᠬᠠᠵᠥ᠂ ᠨᠠᠮ ᠤᠨ ᠦᠭᠡ ᠶᠢ ᠰᠣᠨᠣᠰᠴᠥ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠪᠡ᠃     ᠠᠵᠢᠯᠯᠠᠭ᠎ᠠ ᠳᠤ᠂ ᠪᠠᠶ᠋ᠬᠠᠤᠯᠠᠭᠠᠨ ᠲᠤᠮᠢᠯᠠᠭᠰᠠᠨ ᠰᠠᠯᠪᠤᠷᠢ ᠶᠢᠨ ᠨᠠᠮ ᠤᠨ ᠡᠭᠦᠷ ᠤᠨ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠵᠢᠴᠢ ᠨᠠᠷᠠᠳᠥ ᠭᠠᠴᠠᠭ᠎ᠠ ᠶᠢᠨ ᠬᠤᠶᠠᠷ ᠵᠥᠪᠯᠡᠯ ᠤᠨ ᠺᠠᠳ᠋ᠷ ᠬᠠᠮᠳᠤ ᠪᠠᠷ ᠨᠠᠷᠠᠳᠥ ᠭᠠᠴᠠᠭ᠎ᠠ ᠶᠢᠨ ᠬᠦᠨᠳᠦ ᠡᠪᠡᠳᠴᠢᠨ ᠲᠠᠢ ᠨᠠᠰᠤᠲᠠᠳ ᠢ ᠲᠣᠬᠤᠨᠢᠭᠤᠯᠵᠤ᠂ ᠲᠡᠳᠡᠨ ᠳᠤ ᠲᠣᠬᠤᠨᠢᠭᠤᠯᠬᠤ ᠡᠳ᠋ ᠪᠣᠳᠠᠰ ᠬᠦᠷᠭᠡᠨ ᠥᠭᠪᠡ᠃ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠦᠨᠳᠦ ᠡᠪᠡᠳᠴᠢᠨ ᠲᠠᠢ ᠨᠠᠰᠤᠲᠠᠳ ᠤᠨ ᠠᠮᠢᠳᠤᠷᠠᠯ ᠤᠨ ᠪᠠᠶᠢᠳᠠᠯ ᠢ ᠥᠢᠯᠠᠭᠠᠬᠤ ᠵᠡᠷᠭᠡ ᠬᠡᠯᠪᠡᠷᠢ ᠪᠠᠷ ᠳᠠᠮᠵᠢᠨ ᠣᠯᠠᠨ ᠲᠦᠮᠡᠨ ᠲᠠᠢ ᠵᠣᠭᠤᠭᠳᠠᠨ᠂ ᠬᠤᠪᠢᠷᠠᠯᠲᠠ ᠶᠢᠨ ᠲᠤᠬᠠᠶ ᠶᠠᠷᠢᠯᠴᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠲᠤ ᠲᠥᠬᠦᠮ ᠦᠵᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠣᠯᠠᠨ ᠲᠦᠮᠡᠨ ᠤ ᠰᠤᠷᠭᠠᠨ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢ ᠠᠬᠢᠭᠤᠯᠵᠠᠢ᠃    ᠨᠠᠷᠠᠳᠥ ᠭᠠᠴᠠᠭ᠎ᠠ ᠶᠢᠨ ᠭᠥᠨᠳᠥ ᠡᠪᠡᠳᠴᠢᠨ ᠲᠠᠢ ᠨᠠᠰᠤᠳᠡᠨ ᠬᠠᠨ ᠣᠪᠣᠭᠲᠤ᠄ ︽ᠪᠠᠶ᠋ᠬᠠᠤᠯᠠᠭᠠᠨ ᠲᠤᠮᠢᠯᠠᠭᠰᠠᠨ ᠰᠠᠯᠪᠤᠷᠢ ᠶᠢᠨ ᠨᠠᠮ ᠤᠨ ᠡᠭᠦᠷ ᠤᠨ ᠥᠷᠨᠢᠭᠦᠯᠥᠭᠰᠡᠨ ᠲᠣᠰ ᠤᠳᠠᠭᠠᠨ ᠤ ᠠᠵᠢᠯᠯᠠᠭ᠎ᠠ ᠨᠢ ᠮᠠᠨ ᠳᠤ ᠠᠮᠢᠳᠤᠷᠠᠯ ᠤᠨ ᠲᠠᠯ᠎ᠠ ᠪᠠᠷ ᠬᠠᠪᠰᠤᠷᠤᠯᠭ᠎ᠠ ᠦᠵᠡᠭᠦᠯᠵᠦ᠂ ᠣᠶᠤᠨ ᠰᠠᠨᠠᠭᠠᠨ ᠤ ᠲᠠᠯ᠎ᠠ ᠪᠠᠷ ᠲᠠᠶᠢᠳᠬᠤᠷᠠᠭᠤᠯᠤᠯ ᠬᠦᠷᠲᠡᠭᠡᠭᠰᠡᠨ ᠪᠠᠶᠢᠨ᠎ᠠ᠃ ᠪᠢᠳᠡ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠬᠠᠯᠠᠭᠤᠨ ᠳᠤᠯᠠᠭᠠᠨ ᠢ ᠦᠨᠡᠨ ᠬᠦ ᠣᠶᠢᠯᠠᠭᠠᠭᠰᠠᠨ ᠪᠣᠯᠬᠤᠷ ᠬᠤᠶᠢᠰᠢᠳᠠ ᠯᠠᠪᠲᠠᠶ ᠢᠳᠡᠪᠬᠢᠲᠡᠶ ᠣᠪᠣᠷ ᠢᠶᠠᠷ ᠠᠮᠢᠳᠤᠷᠠᠯ ᠳᠤ ᠬᠠᠨᠳᠤᠨ᠎ᠠ︾ ᠬᠡᠪᠡ᠃      ᠲᠤᠰ ᠤᠳᠠᠭᠠᠨ ᠤ ︽ᠨᠠᠮ ᠤᠨ ᠠᠴᠢ ᠳᠤ ᠲᠠᠯᠠᠷᠬᠠᠵᠥ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ ᠭᠥᠨᠳᠥ ᠡᠪᠡᠳᠴᠢᠨ ᠲᠠᠢ ᠨᠠᠰᠤᠳᠡᠳ ᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠭᠰᠡᠨ ᠪᠥᠭᠡᠳ ᠤᠯᠠᠨ ᠲᠦᠮᠡᠨ ᠯᠦᠭᠡ ᠶᠢᠨ ᠬᠤᠭᠤᠷᠣᠨᠳᠣᠬᠢ ᠬᠠᠷᠢᠴᠠᠭ᠎ᠠ ᠶᠢ ᠤᠯᠠᠮ ᠨᠢᠬᠳᠠᠷᠠᠭᠤᠯᠵᠥ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠵᠣᠯ ᠵᠢᠷᠭᠠᠯᠳᠥ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠦᠭᠰᠡᠨ ᠪᠠᠶᠢᠨ᠎ᠠ᠃                          ︵ᠰᠤᠳᠤᠨ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号