ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ 2024 ᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠠᠮᠳᠣ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2024/1/23
   ᠤᠶᠢᠷ᠎ᠠ ᠶᠢᠨ ᠡᠳᠦᠷ᠂ ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠤ 2024 ᠣᠨ ᠤ ᠠᠩᠬᠠᠳᠤᠭᠠᠷ ᠤᠳᠠᠭ᠎ᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠳᠣ ᠶᠢᠨ ᠰᠤᠷᠤᠯᠴᠠᠯᠭ᠎ᠠ ᠵᠢᠴᠢ 2023 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠲᠥᠪᠯᠡᠷᠡᠭᠦᠯᠦᠨ ᠰᠤᠷᠤᠯᠴᠠᠬᠤ ᠬᠤᠷᠠᠯ ᠢ ᠬᠤᠷᠠᠯᠳᠤᠭᠤᠯᠵᠤ᠂ ᠨᠠᠮ ᠵᠠᠰᠠᠭ ᠤᠨ ᠤᠳᠤᠷᠢᠳᠬᠤ ᠪᠠᠭ ᠤᠨ ᠪᠦᠬᠦ ᠪᠦᠷᠢᠯᠳᠦᠭᠦᠨ ᠬᠤᠷᠠᠯ ᠳᠤ ᠣᠷᠣᠯᠴᠠᠪᠠ᠃    ᠬᠤᠷᠠᠯ ᠳᠤ᠂ ︽ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠲᠤᠬᠠᠢ ᠮᠡᠳᠡᠭᠳᠡᠯ︾᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠲᠡᠭᠡᠷᠡᠬᠢ ᠴᠢᠬᠤᠯᠠ ᠶᠠᠷᠢᠶ᠎ᠠ ᠵᠡᠷᠭᠡ  ᠶᠢ ᠤᠭ ᠵᠤᠬᠢᠶᠠᠯ ᠢᠶᠠᠷ ᠨᠢ ᠣᠯᠠᠮᠵᠢᠯᠠᠨ ᠰᠤᠷᠤᠯᠴᠠᠵᠠᠢ᠃ ᠳᠡᠭᠡᠭᠡᠳ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠪᠠ᠃     ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ  ᠪᠠᠷ ᠰᠤᠷᠤᠯᠴᠠᠨ  ᠲᠤᠭᠤᠰᠢᠯᠠᠭᠤᠯᠵᠤ᠂ ᠭᠤᠣᠯ ᠰᠡᠳᠦᠪᠲᠦ ᠬᠥᠮᠦᠵᠢᠯ ᠤᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠴᠢᠩᠭ᠎ᠠ ᠪᠣᠳᠠᠲᠠᠢ ᠪᠠᠶᠢᠵᠤ᠂ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ 2024 ᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠥᠯᠥᠪᠵᠢᠭᠦᠯᠵᠦ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠢᠨᠠᠷ ᠰᠠᠶᠢᠲᠠᠢ ᠬᠤᠷᠠᠯᠳᠤᠬᠤ ᠶᠢ ᠪᠠᠲᠤᠯᠠᠵᠤ᠂ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠰᠠᠶᠢᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃    
 
ᠢᠷᠡᠯᠲᠡ᠄ ᠬᠤᠯᠪᠣᠭ᠎ᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号