| ᠤᠶᠢᠷ᠎ᠠ ᠶᠢᠨ ᠡᠳᠦᠷ᠂ ᠤᠯᠤᠰ ᠤᠨ ᠨᠤᠳᠤᠭ ᠪᠡᠯᠴᠢᠭᠡᠷ ᠮᠠᠯ ᠠᠵᠦ ᠠᠬᠤᠢ ᠶᠢᠨ ᠬᠡᠯᠪᠡᠷᠢ ᠪᠠᠨ ᠬᠤᠪᠢᠷᠠᠭᠤᠯᠤᠨ | ᠲᠡᠰ ᠲᠡᠪᠰᠢᠬᠦᠯᠬᠦ ᠭᠤᠤᠯ ᠵᠢᠱᠢᠶ᠎ᠡ ᠦᠵᠡᠬᠦᠯᠬᠦ ᠤᠷᠤᠨ ᠵᠠᠯᠠᠶᠢᠤᠨ ᠬᠤᠰᠢᠭᠤᠨ ᠤ 2 ᠲᠦᠮᠡᠨ ᠮᠢᠬᠠᠨ ᠦᠭᠡᠷ ᠤᠨ | ᠠᠮᠢ ᠠᠬᠤᠢ ᠶᠢᠨ ᠶᠡᠷᠦᠩᠭᠡᠶᠢᠯᠡᠭᠰᠡᠨ ᠲᠡᠵᠢᠭᠡᠨ ᠦᠷᠡᠵᠢᠬᠦᠯᠬᠦ ᠲᠠᠯᠠᠪᠠᠢ ᠲᠦᠷᠦᠬᠦᠦ ᠪᠦᠯᠦᠭ ᠤᠨ 2000 ᠰᠢᠮᠧᠨ᠋ᠳᠠᠷ | ᠦᠭᠡᠷ ᠤᠷᠤᠭᠤᠯᠤᠨ ᠲᠡᠵᠢᠭᠡᠨ ᠦᠷᠡᠵᠢᠬᠦᠯᠪᠡ᠃ ᠡᠨᠡ ᠨᠢ ᠲᠤᠰ ᠲᠦᠷᠦᠯ ᠵᠦᠢᠯ ᠵᠢᠩᠬᠢᠨᠢ ᠪᠠᠷ ᠠᠰᠢᠭᠯᠠᠯᠳᠠ ᠳᠤ | ᠤᠷᠤᠵᠦ᠂ ᠵᠠᠯᠠᠶᠢᠳ ᠬᠤᠰᠢᠭᠤᠨ ᠤ ᠠᠯᠠᠰᠢᠨ ᠦᠭᠡᠷ ᠲᠡᠵᠢᠭᠡᠨ ᠦᠷᠡᠵᠢᠬᠦᠯᠬᠦ ᠠᠵᠦ ᠦᠢᠯᠡᠰ ᠨᠢ ᠬᠡᠪᠴᠢᠶᠡᠵᠢᠭᠰᠡᠨ᠂ | ᠪᠠᠷᠢᠮᠵᠢᠶᠠᠵᠢᠭᠰᠠᠨ ᠬᠦᠭᠵᠢᠯᠳᠡ ᠶᠢᠨ ᠵᠠᠮ ᠢᠶᠠᠷ ᠵᠠᠮᠨᠠᠭᠰᠠᠨ ᠢ ᠬᠠᠷᠠᠭᠤᠯᠵᠦ ᠪᠠᠶᠢᠨ᠎ᠠ᠃ ᠲᠤᠰ ᠲᠦᠷᠦᠯ ᠵᠦᠢᠯ ᠨᠢ | 1.5 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠦ᠂ ᠡᠵᠡᠯᠡᠬᠦ ᠭᠠᠵᠠᠷ ᠤᠨ ᠲᠠᠯᠠᠪᠠᠢ 1500 ᠮᠤ᠋ ᠬᠦᠷᠴᠦ᠂ | 34 ᠬᠠᠰᠢᠶ᠎ᠠ ᠰᠠᠷᠠᠪᠴᠢ ᠵᠢᠴᠢ ᠲᠡᠵᠢᠭᠡᠯ ᠪᠤᠷᠳᠤᠭ᠎ᠠ ᠶᠢᠨ ᠬᠦᠮᠤᠷᠭᠡ᠂ ᠲᠤᠨᠤᠭ ᠲᠦᠬᠦᠭᠡᠷᠦᠮᠵᠢ ᠶᠢᠨ ᠲᠠᠰᠤᠭ᠂ | ᠠᠯᠪᠠᠨ ᠠᠰᠠᠷ ᠵᠡᠷᠭᠡ ᠲᠠᠭᠠᠯᠳᠠ ᠴᠢᠳᠠᠮᠵᠢᠳᠦ ᠤᠷᠤᠨ ᠵᠢᠴᠢ ᠤᠰᠤ ᠴᠠᠬᠢᠯᠭᠠᠨ᠂ ᠨᠤᠭᠤᠭᠠᠷᠠᠭᠤᠯᠤᠯᠳᠠ ᠵᠡᠷᠭᠡ | ᠲᠦᠬᠦᠭᠡᠷᠦᠮᠵᠢ ᠶᠢ ᠢᠵᠢ ᠪᠦᠷᠢᠳᠦᠬᠦᠯᠦᠭᠰᠡᠨ ᠪᠠᠶᠢᠨ᠎ᠠ᠃ | ᠲᠦᠷᠦᠯ ᠵᠦᠢᠯ ᠨᠢ ᠨᠢᠳᠤᠨᠤᠨ ᠵᠢᠯ ᠤᠨ 6 ᠰᠠᠷ᠎ᠠ ᠶᠢᠨ 10 ᠤ ᠡᠳᠦᠷ ᠡᠬᠢᠯᠡᠬᠦᠯᠵᠦ᠂ ᠤᠳᠤᠬᠠᠨ ᠳᠤ | ᠪᠠᠶᠢᠭᠤᠯᠤᠯᠳᠠ ᠬᠢᠬᠦ ᠪᠦᠬᠦ ᠡᠬᠦᠷᠭᠡ ᠪᠠᠨ ᠪᠦᠬᠦᠨ ᠢ ᠪᠡᠶᠡᠯᠡᠬᠦᠯᠵᠦ᠂ ᠲᠦᠷᠦᠬᠦᠦ ᠪᠦᠯᠦᠭ ᠤᠨ 2000 ᠰᠢᠮᠧᠨ᠋ᠳᠠᠷ | ᠦᠭᠡᠷ ᠢᠶᠠᠨ ᠤᠷᠤᠭᠤᠯᠤᠨ ᠲᠡᠵᠢᠭᠡᠨ ᠦᠷᠡᠵᠢᠬᠦᠯᠵᠦ᠂ ᠡᠨᠡ ᠵᠢᠯ ᠤᠨ ᠡᠴᠦᠰ ᠪᠤᠯᠳᠠᠯ᠎ᠠ ᠲᠡᠵᠢᠭᠡᠨ ᠦᠷᠡᠵᠢᠬᠦᠯᠬᠦ | ᠬᠡᠮᠵᠢᠶ᠎ᠠ ᠪᠠᠨ 5000 ᠬᠦᠷᠭᠡᠵᠦ᠂ 30 ᠬᠦᠮᠦᠨ ᠤ ᠠᠵᠢᠯ ᠤᠯᠭᠤᠬᠤ ᠠᠰᠠᠭᠤᠳᠠᠯ ᠢ ᠰᠢᠭᠤᠳ ᠰᠶᠢᠳᠪᠦᠷᠢᠯᠡᠵᠦ᠂ | ᠡᠪᠡᠰᠦ ᠪᠤᠷᠳᠤᠭ᠎ᠠ ᠬᠠᠳᠠᠭᠠᠯᠠᠬᠤ ᠬᠡᠮᠵᠢᠶ᠎ᠡ ᠪᠠᠨ 2 ᠲᠦᠮᠡᠨ ᠲᠤᠨ ᠬᠦᠷᠭᠡᠨ᠂ 200 ᠲᠠᠷᠢᠶᠠᠴᠢᠨ ᠡᠷᠦᠭᠡ ᠶᠢ | ᠲᠠᠮ ᠢᠶᠠᠷ ᠲᠠᠶᠢᠴᠢᠯᠠᠨ ᠲᠠᠭᠠᠭᠤᠯᠬᠤ ᠪᠤᠯᠤᠨ᠎ᠠ᠃ ᠲᠤᠰ ᠲᠦᠷᠦᠯ ᠵᠦᠢᠯ ᠨᠢ ᠪᠦᠬᠦ ᠬᠡᠪᠴᠢᠶ᠎ᠠ ᠪᠠᠷ ᠠᠰᠢᠭᠯᠠᠯᠳᠠ ᠳᠤ | ᠤᠷᠤᠭᠰᠠᠨ ᠤ ᠰᠡᠬᠦᠯᠡᠷ᠂ ᠵᠢᠯ ᠪᠦᠷᠢ ᠶᠢᠨ ᠬᠦᠭᠡ ᠪᠤᠷᠳᠤᠭ᠎ᠠ ᠵᠢᠴᠢ ᠡᠰᠢ ᠰᠦᠷᠡᠯ ᠬᠡᠷᠡᠭᠰᠡᠬᠦ ᠬᠡᠮᠵᠢᠶ᠎ᠡ 3 ᠲᠦᠮᠡᠨ | ᠮᠤ᠋ ᠬᠦᠷᠬᠦ ᠪᠤᠯᠵᠦ᠂ 100 ᠬᠦᠮᠦᠨ ᠤ ᠠᠵᠢᠯ ᠤᠯᠭᠤᠬᠤ ᠠᠰᠠᠭᠤᠳᠠᠯ ᠢ ᠰᠶᠢᠳᠪᠦᠷᠢᠯᠡᠵᠦ᠂ ᠮᠢᠩᠭ᠎ᠠ ᠭᠠᠷᠤᠢ | ᠲᠠᠷᠢᠶᠠᠴᠢᠨ ᠡᠷᠦᠭᠡ ᠶᠢ ᠲᠠᠶᠢᠴᠢᠯᠠᠨ ᠤᠷᠤᠯᠭ᠎ᠠ ᠶᠢᠨ ᠨᠡᠮᠡᠭᠳᠡᠯ ᠢ ᠠᠬᠢᠭᠤᠯᠵᠦ᠂ 50 ᠲᠦᠮᠡᠨ ᠮᠦ ᠪᠡᠯᠴᠢᠭᠡᠷ ᠢ | ᠠᠮᠤᠷᠵᠢᠭᠤᠯᠤᠨ ᠰᠡᠷᠭᠦᠭᠡᠵᠦ᠂ ᠠᠮᠢ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠤᠯᠤᠨ ᠠᠵᠦ | ᠠᠬᠤᠢ ᠶᠢᠨ ᠦᠷ᠎ᠠ ᠠᠰᠢᠭ ᠢ ᠵᠡᠷᠭᠡᠪᠡᠷ ᠲᠡᠭᠡᠭᠰᠢᠯᠡᠬᠦᠯᠬᠦ ᠪᠤᠯᠤᠨ᠎ᠠ᠃ |