| ᠤᠶᠢᠷ᠎ᠠ ᠳᠤ᠂ ᠬᠢᠩᠭᠠᠨ ᠠᠶᠢᠮᠠᠬ ᠤᠨ ᠵᠠᠯᠠᠶᠢᠳ ᠬᠤᠰᠢᠭᠤᠨ ᠤ ᠨᠠᠮ ᠤᠨ ᠬᠡᠰᠢᠬᠦᠨ ᠤᠯᠠᠨ ᠲᠦᠮᠡᠨ ᠳᠤ | ᠦᠢᠯᠡᠴᠢᠯᠡᠬᠦ ᠲᠦᠪ ᠤᠨ 230 ᠭᠠᠷᠦᠢ ᠨᠡᠶᠢᠬᠡᠮ ᠲᠤᠭᠤᠷᠢᠭ ᠤᠨ ᠠᠵᠢᠯᠳᠠᠨ ᠳᠤ ᠵᠠᠯᠠᠶᠢᠳ ᠬᠤᠰᠢᠭᠤᠨ ᠤ | ᠮᠤᠩᠭᠤᠯ ᠡᠮᠨᠡᠯᠬᠡ ᠶᠢᠨ ᠶᠡᠷᠦᠩᠭᠡᠶᠢᠯᠡᠭᠰᠡᠨ ᠡᠮᠨᠡᠯᠬᠡ ᠶᠢᠨ ᠬᠤᠷᠢᠶ᠎ᠠ ᠦᠨ᠎ᠡ ᠲᠦᠯᠦᠪᠦᠷᠢ ᠦᠬᠡᠢ ᠪᠠᠷ ᠪᠡᠶ᠎ᠡ ᠶᠢᠨ | ᠪᠠᠶᠢᠴᠠᠭᠠᠯᠳᠠ ᠬᠢᠵᠥ ᠥᠭᠴᠡᠢ᠃ | ᠵᠠᠯᠠᠶᠢᠳ ᠬᠤᠰᠢᠭᠤᠨ ᠤ ᠮᠤᠩᠭᠤᠯ ᠡᠮᠨᠡᠯᠬᠡ ᠶᠢᠨ ᠶᠡᠷᠦᠩᠭᠡᠶᠢᠯᠡᠭᠰᠡᠨ ᠡᠮᠨᠡᠯᠬᠡ ᠶᠢᠨ ᠬᠤᠷᠢᠶ᠎ᠠ ᠶᠢᠨ ᠲᠡᠳ᠋ ᠲᠠᠷᠤᠭ᠎ᠠ | ᠸᠠᠩ ᠹᠦ᠋᠄ ︽ᠨᠡᠶᠢᠬᠡᠮ ᠲᠤᠭᠤᠷᠢᠭ ᠤᠨ ᠠᠵᠢᠯᠳᠠᠳ ᠢ ᠬᠠᠯᠠᠮᠵᠢᠯᠠᠬᠤ ᠶᠢᠨ ᠲᠦᠯᠦᠬᠡ᠂ ᠬᠤᠰᠢᠭᠤᠨ ᠤ ᠨᠠᠮ ᠤᠨ | ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ᠪᠤᠯᠤᠨ ᠬᠤᠰᠢᠭᠤᠨ ᠤ ᠮᠤᠩᠭᠤᠯ ᠡᠮᠨᠡᠯᠬᠡ ᠶᠢᠨ ᠶᠡᠷᠦᠩᠭᠡᠶᠢᠯᠡᠭᠰᠡᠨ | ᠡᠮᠨᠡᠯᠬᠡ ᠶᠢᠨ ᠬᠤᠷᠢᠶ᠎ᠠ ᠬᠠᠮᠳᠤᠷᠠᠨ ᠨᠡᠶᠢᠬᠡᠮ ᠲᠤᠭᠤᠷᠢᠭ ᠤᠨ 230 ᠭᠠᠷᠦᠢ ᠠᠵᠢᠯᠳᠠᠨ ᠳᠤ ᠡᠷᠡᠬᠦᠯ ᠮᠡᠨᠳᠤ ᠶᠢᠨ | ᠪᠠᠶᠢᠴᠠᠭᠠᠯᠳᠠ ᠬᠢᠵᠦ ᠦᠭᠴᠡᠢ︾ ᠬᠡᠵᠦ ᠰᠤᠷᠪᠤᠯᠵᠢᠯᠠᠬᠴᠢ ᠳᠤ ᠶᠠᠷᠢᠯ᠎ᠠ᠃ | ᠲᠤᠬᠠᠢ ᠶᠢᠨ ᠲᠠᠯᠠᠪᠦᠷ ᠲᠤ᠂ ᠵᠠᠯᠠᠶᠢᠳ ᠬᠤᠰᠢᠭᠤᠨ ᠤ ᠮᠤᠩᠭᠤᠯ ᠡᠮᠨᠡᠯᠬᠡ ᠶᠢᠨ ᠶᠡᠷᠦᠩᠭᠡᠶᠢᠯᠡᠭᠰᠡᠨ | ᠡᠮᠨᠡᠯᠬᠡ ᠶᠢᠨ ᠬᠤᠷᠢᠶ᠎ᠠ ᠨᠡᠶᠢᠬᠡᠮ ᠲᠤᠭᠤᠷᠢᠭ ᠤᠨ ᠠᠵᠢᠯᠳᠠᠳ ᠲᠤ CT᠂ ᠬᠡᠳᠦ ᠲᠤᠯᠬᠢᠶᠠᠨ ᠵᠡᠷᠭᠡ ᠪᠠᠶᠢᠴᠠᠭᠠᠯᠳᠠ | ᠬᠢᠵᠦ ᠦᠭᠴᠡᠢ᠃ ᠪᠠᠶᠢᠴᠠᠭᠠᠯᠳᠠ ᠶᠢᠨ ᠲᠠᠷᠠᠭ᠎ᠠ᠂ ᠡᠮᠨᠡᠯᠬᠡ ᠶᠢᠨ ᠬᠤᠷᠢᠶ᠎ᠠ ᠶᠢᠨ ᠠᠵᠢᠯᠳᠠᠳ ᠨᠡᠶᠢᠬᠡᠮ ᠲᠤᠭᠤᠷᠢᠭ ᠤᠨ | ᠠᠵᠢᠯᠳᠠᠳ ᠤᠨ ᠪᠡᠶ᠎ᠡ ᠶᠢᠨ ᠪᠠᠶᠢᠴᠠᠭᠠᠯᠳᠠ ᠶᠢᠨ ᠳ᠋ᠦᠩ ᠢ ᠶᠡᠷᠦᠩᠭᠡᠶᠢᠯᠡᠨ ᠵᠠᠳᠠᠯᠵᠦ ᠦᠭᠴᠦ᠂ ᠲᠡᠳᠡᠨ ᠤ ᠬᠠᠯᠠᠭᠤᠨ | ᠬᠦᠷᠢᠶᠡᠯᠡᠯ ᠢ ᠤᠯᠤᠬᠰᠠᠨ ᠪᠠᠶᠢᠨ᠎ᠠ᠃ | ᠵᠠᠯᠠᠶᠢᠳ ᠬᠤᠰᠢᠭᠤ ᠨᠡᠶᠢᠬᠡᠮ ᠲᠤᠭᠤᠷᠢᠭ ᠤᠨ ᠠᠵᠢᠯᠳᠠᠳ ᠤᠨ ᠪᠡᠶ᠎ᠡ ᠰᠡᠳᠬᠢᠴᠡ ᠶᠢᠨ ᠡᠷᠡᠬᠦᠯ ᠮᠡᠨᠳᠤ ᠶᠢ | ᠲᠦᠢᠯ ᠢᠶᠠᠷ ᠴᠢᠬᠤᠯᠠᠴᠢᠯᠠᠵᠦ᠂ ᠨᠡᠶᠢᠬᠡᠮ ᠲᠤᠭᠤᠷᠢᠭ ᠤᠨ ᠠᠵᠢᠯᠳᠠᠳ ᠢ ᠬᠠᠯᠠᠮᠵᠢᠯᠠᠬᠤ ᠠᠵᠢᠯ ᠢ ᠪᠤᠳᠠᠳᠠᠢ ᠳᠤ | ᠲᠤᠭᠤᠰᠢᠯᠠᠭᠤᠯᠵᠦ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠭᠤᠯᠤᠨ᠂ ᠨᠡᠶᠢᠬᠡᠮ ᠲᠤᠭᠤᠷᠢᠭ ᠤᠨ | ᠠᠵᠢᠯᠳᠠᠳ ᠤᠨ ᠪᠡᠶ᠎ᠡ ᠮᠠᠬᠠᠪᠤᠳ ᠤᠨ ᠡᠷᠡᠬᠦᠯ ᠴᠢᠬᠢᠷᠠᠭ ᠤᠨ ᠤᠬᠠᠮᠰᠠᠷ ᠢ ᠲᠡᠭᠡᠭᠰᠢᠯᠡᠬᠦᠯᠦᠭᠰᠡᠨ ᠢᠶᠠᠷ ᠪᠠᠷᠠᠬᠤ ᠦᠬᠡᠢ | ᠂ ᠨᠡᠶᠢᠬᠡᠮ ᠲᠤᠭᠤᠷᠢᠭ ᠤᠨ ᠠᠵᠢᠯᠳᠠᠳ ᠤᠨ ᠠᠵᠢᠯ ᠤᠨ ᠬᠠᠯᠠᠭᠤᠨ ᠰᠡᠳᠬᠢᠯᠬᠡ ᠶᠢ ᠬᠦᠭᠵᠢᠬᠡᠵᠦ᠂ ᠨᠡᠶᠢᠬᠡᠮ | ᠲᠤᠭᠤᠷᠢᠭ ᠤᠨ ᠨᠢᠬᠳᠠᠷᠠᠯ ᠤᠨ ᠬᠦᠴᠦᠨ ᠢ ᠴᠢᠩᠭᠠᠷᠠᠭᠤᠯᠵᠦ᠂ ᠶᠡᠷᠦᠩᠭᠡᠶᠢᠯᠡᠭᠰᠡᠨ ᠬᠡᠪ ᠴᠢᠨᠠᠷ ᠢᠶᠠᠷ ᠦᠨᠳᠦᠷ᠂ | ᠲᠤᠬᠠᠶᠢᠯᠠᠬᠰᠠᠨ ᠠᠵᠢᠯ ᠤᠨ ᠴᠢᠳᠠᠪᠦᠷᠢ ᠪᠠᠷ ᠴᠢᠩᠭ᠎ᠠ ᠡᠩᠨᠡᠭᠡ ᠶᠢ ᠪᠠᠶᠢᠭᠤᠯᠬᠤ ᠳᠤ ᠪᠠᠳᠦ ᠰᠠᠭᠤᠷᠢ ᠶᠢ ᠲᠠᠯᠪᠢᠬᠰᠠᠨ | ᠪᠠᠶᠢᠨ᠎ᠠ᠃ | | | ︵ᠵᠤᠤ ᠽᠢ ᠯᠥᠩ ᠸᠠᠩ ᠲᠢᠶᠠᠨ ᠷᠣ᠋︶ | |