ᠵᠠᠯᠠᠶᠢᠳ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠠᠶᠦᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠬᠢᠵᠡᠢ
ᠨᠡᠶᠢᠲᠡᠯᠡᠭᠰᠡᠨ ᠴᠠᠭ᠄
2024/1/23
   ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠰᠢᠰᠲ᠋ᠧᠮ ᠠᠶᠦᠯᠬᠦᠢ ᠦᠢᠯᠡᠳᠪᠦᠷᠢᠯᠡᠯ ᠤᠨ ᠠᠵᠢᠯ ᠢ ᠪᠠᠳᠦᠳᠠᠢ ᠬᠢᠵᠦ᠂ ᠠᠶᠦᠯᠬᠦᠢ ᠦᠢᠯᠡᠳᠪᠦᠷᠢᠯᠡᠯ ᠤᠨ ᠲᠠᠯᠳᠠ ᠬᠡᠮ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠬᠦ ᠶᠢᠨ ᠲᠦᠯᠦᠬᠡ᠂ ᠤᠶᠢᠷ᠎ᠠ ᠳᠤ ᠵᠠᠯᠠᠶᠢᠳ ᠬᠤᠰᠢᠭᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠪᠤᠯᠤᠨ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ᠂ ᠭᠠᠯ ᠰᠡᠷᠬᠡᠶᠢᠯᠡᠵᠦ ᠤᠨᠳᠠᠷᠠᠭᠠᠬᠤ ᠠᠪᠦᠷᠠᠨ ᠲᠤᠰᠠᠯᠠᠬᠤ ᠶᠡᠭᠡ ᠠᠩᠬᠢ᠂ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠦᠯᠳᠠ ᠶᠢᠨ ᠲᠤᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠬᠤᠰᠢᠭᠤᠨ ᠤ ᠡᠮᠴᠢᠯᠡᠬᠡᠨ ᠤ ᠭᠠᠵᠠᠷ ᠲᠤ ᠬᠦᠷᠴᠦ᠂ ᠠᠮᠦᠷ ᠲᠦᠪᠰᠢᠨ ᠤ ᠪᠠᠶᠢᠴᠠᠭᠠᠯᠳᠠ ᠬᠢᠪᠡ᠃    ᠪᠠᠶᠢᠴᠠᠭᠠᠬᠤ ᠲᠤᠭᠤᠶᠢᠯᠠᠩ ᠤᠷᠢᠳ ᠬᠤᠵᠢᠳ ᠬᠤᠰᠢᠭᠤᠨ ᠤ ᠰᠢᠭᠤᠳ ᠬᠠᠷᠢᠶ᠎ᠠ ᠲᠦᠷᠪᠡᠨ ᠡᠮᠨᠡᠯᠬᠡ ᠶᠢᠨ ᠬᠤᠷᠢᠶ᠎ᠠ ᠪᠠ ᠷᠧᠨ ᠠᠢ ᠡᠮᠨᠡᠯᠬᠡ ᠶᠢᠨ ᠬᠤᠷᠢᠶ᠎ᠠ᠂ ᠡᠤ ᠶᠤᠸᠠᠨ ᠮᠤᠩᠭᠤᠯ ᠡᠮᠨᠡᠯᠬᠡ ᠶᠢᠨ ᠬᠤᠷᠢᠶ᠎ᠠ ᠳᠤ ᠬᠦᠷᠴᠦ᠂ ᠲᠠᠩᠰᠠ ᠮᠠᠲ᠋ᠧᠷᠢᠶᠠᠯ ᠤᠷᠪᠠᠭᠤᠯᠬᠤ ᠪᠠ ᠲᠤᠬᠠᠢ ᠶᠢᠨ ᠭᠠᠵᠠᠷ ᠢᠶᠠᠷ ᠪᠠᠶᠢᠴᠠᠭᠠᠯᠳᠠ ᠬᠢᠬᠦ ᠠᠷᠭ᠎ᠠ ᠪᠠᠷ ᠠᠶᠦᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠲᠤᠭᠤᠰᠢᠯᠠᠭᠤᠯᠤᠬᠰᠠᠨ ᠡᠰᠡᠬᠦ᠂ ᠭᠠᠯ ᠰᠡᠷᠬᠡᠶᠢᠯᠡᠵᠦ ᠤᠨᠳᠠᠷᠠᠭᠠᠬᠤ ᠠᠮᠦᠷ ᠲᠦᠪᠰᠢᠨ᠂ ᠰᠢᠳᠠᠮᠠᠬᠠᠢ ᠬᠡᠢ ᠶᠢᠨ ᠠᠮᠦᠷ ᠲᠦᠪᠰᠢᠨ᠂ ᠤᠠᠴᠠᠭᠠᠢ ᠲᠦᠬᠦᠭᠡᠷᠦᠮᠵᠢ᠂ ᠴᠠᠬᠢᠯᠭᠠᠨ ᠬᠠᠨᠭ᠍ᠭᠠᠬᠤ ᠦᠷᠦᠬᠡ ᠶᠢᠨ ᠠᠮᠦᠷ ᠲᠦᠪᠰᠢᠨ ᠵᠡᠷᠭᠡ ᠲᠠᠯ᠎ᠠ ᠪᠠᠷ ᠡᠮᠴᠢᠯᠡᠬᠡᠨ ᠤ ᠪᠠᠶᠢᠭᠤᠯᠤᠮᠵᠢ ᠶᠢᠨ ᠠᠶᠦᠯᠬᠦᠢ ᠦᠢᠯᠡᠳᠪᠦᠷᠢᠯᠡᠯ ᠤᠨ ᠠᠵᠢᠯ ᠢ ᠲᠤᠭᠤᠰᠢᠯᠠᠭᠤᠯᠵᠦ ᠪᠠᠶᠢᠭ᠎ᠠ ᠪᠠᠶᠢᠳᠠᠯ ᠳᠤ ᠪᠦᠬᠦ ᠲᠠᠯ᠎ᠠ ᠶᠢᠨ ᠬᠢᠨᠠᠨ ᠪᠠᠶᠢᠴᠠᠭᠠᠯᠳᠠ ᠬᠢᠭᠰᠡᠨ ᠪᠠᠶᠢᠨ᠎ᠠ᠃ ᠡᠯ᠎ᠡ ᠡᠮᠴᠢᠯᠡᠬᠡᠨ ᠤ ᠪᠠᠶᠢᠭᠤᠯᠤᠮᠵᠢ ᠪᠠᠶᠢᠴᠠᠭᠠᠬᠤ ᠲᠤᠭᠤᠶᠢᠯᠠᠩ ᠤᠨ ᠬᠠᠷᠢᠭᠤ ᠲᠤᠰᠬᠠᠬᠰᠠᠨ ᠠᠰᠠᠭᠤᠳᠠᠯ ᠢ ᠨᠢᠬᠡᠳ ᠨᠢᠬᠡ ᠪᠠᠷ ᠰᠶᠢᠳᠪᠦᠷᠢᠯᠡᠵᠦ᠂ ᠠᠶᠦᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠵᠦ᠂ ᠬᠤᠷᠢᠭ᠎ᠠ ᠱᠤᠭᠤᠮ ᠤᠨ ᠤᠬᠠᠮᠰᠠᠷ ᠢᠶᠠᠨ ᠨᠡᠮᠡᠭᠳᠡᠬᠦᠯᠵᠦ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠦᠷ ᠲᠦᠪᠰᠢᠨ ᠤ ᠡ᠊ᠨᠳᠡᠯ ᠭᠠᠷᠬᠤ ᠶᠢ ᠪᠦᠳᠤᠮᠵᠢᠳᠠᠢ ᠰᠡᠷᠬᠡᠶᠢᠯᠡᠭᠰᠡᠨ ᠪᠠᠶᠢᠨ᠎ᠠ᠃     ᠲᠤᠰ ᠤᠳᠠᠭᠠᠨ ᠤ ᠪᠠᠶᠢᠴᠠᠭᠠᠯᠳᠠ ᠪᠠᠷ ᠲᠠᠮᠵᠢᠨ᠂ ᠡᠯ᠎ᠡ ᠡᠮᠴᠢᠯᠡᠬᠡᠨ ᠤ ᠪᠠᠶᠢᠭᠤᠯᠤᠮᠵᠢ ᠶᠢᠨ ᠠᠶᠦᠯᠬᠦᠢ ᠦᠢᠯᠡᠳᠪᠦᠷᠢᠯᠡᠯ ᠤᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠤᠯᠠᠮ ᠨᠢᠬᠡ ᠠᠯᠬᠤᠮ ᠪᠤᠳᠠᠳᠠᠶᠢᠵᠢᠭᠤᠯᠵᠦ᠂ ᠡᠮᠨᠡᠯᠬᠡ ᠶᠢᠨ ᠬᠤᠷᠢᠶ᠎ᠠ ᠶᠢᠨ ᠠᠮᠦᠷ ᠲᠦᠪᠰᠢᠨ ᠤ ᠬᠠᠮᠢᠶᠠᠷᠦᠯᠳᠠ ᠶᠢᠨ ᠬᠢᠷᠢ ᠲᠦᠪᠰᠢᠨ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠦᠷᠢ ᠶᠢ ᠦᠷᠬᠦᠯᠵᠢᠯᠡᠨ ᠲᠡᠭᠡᠭᠰᠢᠯᠡᠬᠦᠯᠵᠦ᠂ ᠡᠷᠡᠬᠦᠯ ᠬᠠᠮᠠᠭᠠᠯᠠᠯ ᠤᠨ ᠰᠢᠰᠲ᠋ᠧᠮ ᠤᠨ ᠠᠶᠦᠯᠬᠦᠢ ᠦᠢᠯᠡᠳᠪᠦᠷᠢᠯᠡᠯ ᠤᠨ ᠲᠤᠬᠳᠠᠭᠤᠨ ᠢ ᠪᠠᠳᠦᠯᠠᠬᠰᠠᠨ ᠪᠠᠶᠢᠨ᠎ᠠ᠃                      ︵ᠯᠢᠤ ᠢ ᠸᠧᠢ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号