ᠵᠠᠯᠠᠶᠢᠳ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠤᠯᠠᠨ ᠰᠠᠯᠠᠭ᠎ᠠ ᠮᠦᠴᠢᠷ ᠲᠠᠢ ᠬᠠᠮᠳᠤᠷᠠᠨ ᠠᠮᠦᠷ ᠲᠦᠪᠰᠢᠨ ᠤ ᠪᠠᠶᠢᠴᠠᠭᠠᠯᠳᠠ ᠬᠢᠵᠡᠢ
ᠨᠡᠶᠢᠲᠡᠯᠡᠭᠰᠡᠨ ᠴᠠᠭ᠄
2024/1/23
    ᠤᠶᠢᠷ᠎ᠠ ᠳᠤ᠂ ᠬᠢᠩᠭᠠᠨ ᠠᠶᠢᠮᠠᠬ ᠤᠨ ᠵᠠᠯᠠᠶᠢᠳ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠤᠷᠴᠢᠨ ᠲᠤᠭᠤᠷᠢᠨ ᠢᠳᠡᠬᠡᠨ ᠡᠮ ᠤᠨ ᠵᠦᠢᠯᠡᠰ ᠤᠨ ᠶᠠᠯᠠᠳᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠬᠢ ᠵᠠᠯᠠᠶᠢᠳ ᠬᠤᠰᠢᠭᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠦᠯᠳᠠ ᠶᠢᠨ ᠲᠤᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠪᠠ ᠤᠢ ᠰᠢᠭᠤᠢ ᠨᠤᠳᠤᠭ ᠪᠡᠯᠴᠢᠬᠡᠷ ᠤᠨ ᠲᠤᠪᠴᠢᠶ᠎ᠠ᠂ ᠠᠮᠢ ᠠᠬᠤᠢ ᠤᠷᠴᠢᠨ ᠲᠤᠭᠤᠷᠢᠨ ᠤ ᠲᠤᠪᠴᠢᠶ᠎ᠠ ᠵᠡᠷᠭᠡ ᠰᠠᠯᠠᠭ᠎ᠠ ᠮᠦᠴᠢᠷ ᠲᠠᠢ ᠬᠠᠮᠳᠤᠷᠠᠨ᠂ ᠢᠳᠡᠬᠡᠨ ᠡᠮ ᠤᠨ ᠵᠦᠢᠯᠡᠰ ᠤᠨ ᠠᠮᠦᠷ ᠲᠦᠪᠰᠢᠨ ᠳᠤ ᠬᠤᠤᠷ ᠬᠦᠨᠦᠬᠡᠯ ᠤᠴᠠᠷᠠᠭᠤᠯᠬᠤ ᠪᠠ ᠬᠠᠭᠤᠷᠮᠠᠭ ᠮᠠᠭᠤ ᠲᠠᠸᠠᠷ ᠦᠢᠯᠡᠳᠴᠦ ᠪᠤᠷᠤᠯᠠᠭᠤᠯᠬᠤ ᠵᠡᠷᠭᠡ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠴᠦ᠂ ᠬᠠᠷᠢᠶᠠᠳᠥ ᠤᠷᠤᠨ ᠤ ᠪᠠᠨ ᠢᠳᠡᠬᠡᠨ ᠡᠮ ᠤᠨ ᠵᠦᠢᠯᠡᠰ ᠤᠨ ᠠᠮᠦᠷ ᠲᠦᠪᠰᠢᠨ ᠢ ᠤᠯᠠᠮ ᠨᠢᠬᠡ ᠠᠯᠬᠤᠮ ᠲᠦᠷᠢᠮᠵᠢᠬᠦᠯᠪᠡ᠃     ᠪᠠᠶᠢᠴᠠᠭᠠᠯᠳᠠ ᠳᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠲᠡᠯᠬᠡᠬᠦᠷ᠂ ᠴᠢᠯᠦᠬᠡᠳᠦ ᠲᠡᠯᠬᠡᠬᠦᠷ᠂ ᠢᠳᠡᠬᠡᠨ ᠤᠮᠳᠠᠭᠠᠨ ᠤ ᠪᠦᠷᠢᠨ ᠪᠠᠷᠠᠭᠠᠳᠤ ᠲᠡᠯᠬᠡᠬᠦᠷ᠂ ᠬᠤᠭᠤᠯᠠᠨ ᠬᠡᠷ᠂ ᠡᠮ ᠤᠨ ᠲᠡᠯᠬᠡᠬᠦᠷ᠂ ᠬᠦᠢᠳᠡᠨ ᠬᠡᠯᠬᠢᠶᠡᠳᠤ ᠢᠳᠡᠬᠡᠨ ᠤ ᠬᠤᠳᠠᠯᠳᠤᠭᠠᠨ ᠤ ᠭᠠᠵᠠᠷ ᠢᠶᠠᠷ ᠪᠠᠶᠢᠴᠠᠭᠠᠯᠳᠠ ᠬᠢᠭᠰᠡᠨ ᠪᠠᠶᠢᠨ᠎ᠠ᠃ ᠠᠷᠠᠳ ᠤᠨ ᠴᠠᠬᠳᠠᠭ᠎ᠠ ᠪᠠᠰᠠ ᠤᠯᠠᠨ ᠲᠦᠮᠡᠨ ᠳᠤ ᠢᠳᠡᠬᠡᠨ ᠡᠮ ᠤᠨ ᠵᠦᠢᠯᠡᠰ ᠤᠨ ᠠᠮᠦᠷ ᠲᠦᠪᠰᠢᠨ ᠤ ᠬᠠᠮᠢᠶ᠎ᠠ ᠪᠦᠬᠦᠢ ᠬᠠᠤᠯᠢ ᠴᠠᠭᠠᠵᠠ ᠶᠢᠨ ᠶᠡᠷᠦ ᠶᠢᠨ ᠮᠡᠳᠡᠯᠬᠡ᠂ ᠬᠠᠭᠤᠷᠮᠠᠭ ᠮᠠᠭᠤ ᠲᠠᠸᠠᠷ ᠢ ᠢᠯᠭᠠᠨ ᠲᠠᠨᠢᠬᠤ ᠶᠡᠷᠦ ᠶᠢᠨ ᠮᠡᠳᠡᠯᠬᠡ ᠵᠡᠷᠭᠡ ᠶᠢ ᠤᠬᠠᠭᠤᠯᠵᠦ᠂ ᠤᠯᠠᠨ ᠲᠦᠮᠡᠨ ᠢ ︽ᠢᠳᠡᠬᠡᠨ ᠡᠮ ᠤᠨ ᠵᠦᠢᠯᠡᠰ ᠤᠷᠴᠢᠨ ᠲᠤᠭᠤᠷᠢᠨ︾ ᠤ ᠬᠦᠷᠢᠶᠡᠨ ᠤ ᠡᠮᠬᠢ ᠲᠢᠭᠯᠢᠮ ᠢ ᠪᠠᠳᠦᠯᠠᠬᠤ ᠳᠤ ᠢᠳᠡᠪᠬᠢᠳᠡᠢ ᠤᠷᠤᠯᠴᠠᠬᠤ ᠶᠢ ᠵᠤᠷᠢᠬᠵᠢᠭᠤᠯᠵᠦ᠂ ᠲᠤᠳᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ ᠲᠤ ᠬᠠᠮᠢᠶ᠎ᠠ ᠪᠦᠬᠦᠢ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠶᠢᠨ ᠰᠦᠪᠡᠭᠴᠢ ᠶᠢ ᠢᠳᠡᠪᠬᠢᠳᠡᠢ ᠬᠠᠨᠭ᠍ᠭᠠᠬᠤ ᠶᠢ ᠰᠠᠨᠠᠭᠠᠴᠢᠯᠠᠵᠠᠢ᠃     ᠲᠤᠰ ᠤᠳᠠᠭᠠᠨ ᠤ ᠪᠠᠶᠢᠴᠠᠭᠠᠯᠳᠠ ᠳᠤ᠂ ᠠᠷᠪᠠ ᠭᠠᠷᠤᠢ ᠬᠤᠳᠠᠯᠳᠤᠭᠠᠨ ᠤ ᠭᠠᠵᠠᠷ᠂ ᠴᠢᠯᠦᠬᠡᠳᠦ ᠲᠡᠯᠬᠡᠬᠦᠷ᠂ 3 ᠡᠮ ᠤᠨ ᠲᠡᠯᠬᠡᠬᠦᠷ᠂ 7 ᠬᠤᠭᠤᠯᠠᠨ ᠬᠡᠷ᠂ 2 ᠬᠦᠢᠳᠡᠨ ᠬᠡᠯᠬᠢᠶᠡᠳᠤ ᠢᠳᠡᠬᠡᠨ ᠤ ᠬᠤᠳᠠᠯᠳᠤᠭᠠᠨ ᠤ ᠭᠠᠵᠠᠷ ᠢ ᠪᠠᠶᠢᠴᠠᠭᠠᠬᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠵᠠᠯᠠᠶᠢᠳ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠤᠷᠴᠢᠨ ᠲᠤᠭᠤᠷᠢᠨ ᠢᠳᠡᠬᠡᠨ ᠡᠮ ᠤᠨ ᠵᠦᠢᠯᠡᠰ ᠤᠨ ᠶᠠᠯᠠᠳᠤ ᠠᠵᠢᠯᠯᠠᠭ᠎ᠠ ᠶᠢ ᠲᠠᠩᠨᠠᠨ ᠪᠠᠶᠢᠴᠠᠭᠠᠬᠤ ᠶᠡᠭᠡ ᠠᠩᠬᠢ ᠬᠤᠯᠪᠤᠬᠳᠠᠯ ᠪᠦᠬᠦᠢ ᠰᠠᠯᠠᠭ᠎ᠠ ᠮᠦᠴᠢᠷ ᠲᠠᠢ ᠦᠷᠬᠦᠯᠵᠢᠯᠡᠨ ᠬᠠᠮᠵᠢᠯᠴᠠᠭ᠎ᠠ ᠪᠠᠨ ᠴᠢᠩᠭᠠᠳᠬᠠᠵᠦ᠂ ᠬᠦᠳᠡᠭᠡ ᠲᠤᠰᠬᠤᠨ᠂ ᠬᠤᠳᠠ ᠬᠦᠳᠡᠭᠡ ᠶᠢᠨ ᠠᠭᠤᠯᠵᠠᠷ ᠭᠠᠵᠠᠷ ᠵᠡᠷᠭᠡ ᠭᠤᠤᠯᠳᠠᠯᠭ᠎ᠠ ᠲᠠᠢ ᠭᠠᠵᠠᠷ ᠤᠷᠤᠨ ᠢᠶᠠᠷ ᠪᠦᠬᠦ ᠲᠠᠯ᠎ᠠ ᠶᠢᠨ ᠪᠠᠶᠢᠴᠠᠭᠠᠯᠳᠠ ᠬᠢᠵᠦ᠂ ᠢᠳᠡᠬᠡᠨ ᠡᠮ ᠤᠨ ᠵᠦᠢᠯᠡᠰ ᠤᠨ ᠠᠮᠦᠷ ᠲᠦᠪᠰᠢᠨ ᠤ ᠬᠤᠷᠢᠭ᠎ᠠ ᠱᠤᠭᠤᠮ ᠢ ᠪᠠᠳᠦᠵᠢᠭᠤᠯᠬᠤ ᠳᠤ ᠰᠠᠭᠤᠷᠢ ᠲᠠᠯᠪᠢᠨ᠎ᠠ᠃        
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号