| | 1 ᠰᠠᠷ᠎ᠠ ᠶᠢᠨ 17 ᠤ ᠡᠳᠦᠷ᠂ ᠬᠢᠩᠭᠠᠨ ᠠᠶᠢᠮᠠᠬ ᠤᠨ ᠵᠠᠯᠠᠶᠢᠳ ᠬᠤᠰᠢᠭᠤᠨ ᠤ ᠲᠤᠳᠤᠭᠠᠳᠥ ᠶᠢ ᠬᠠᠮᠠᠭᠠᠯᠠᠬᠤ | ᠲᠤᠪᠴᠢᠶ᠎ᠠ ᠶᠢᠨ ᠪᠠᠶ᠋ᠬᠠᠤᠯᠠᠭᠠᠨ ᠲᠤᠮᠢᠯᠠᠭᠰᠠᠨ ᠰᠠᠯᠪᠤᠷᠢ ᠶᠢᠨ ᠨᠠᠮ ᠤᠨ ᠡᠭᠦᠷ ︽ᠨᠠᠮ ᠤᠨ ᠠᠴᠢ ᠳᠤ ᠲᠠᠯᠠᠷᠬᠠᠵᠥ᠂ | ᠨᠠᠮ ᠤᠨ ᠦᠭᠡ ᠶᠢ ᠰᠣᠨᠣᠰᠴᠥ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢ ᠥᠷᠨᠢᠭᠦᠯᠪᠡ᠃ | ᠠᠵᠢᠯᠯᠠᠭ᠎ᠠ ᠳᠤ᠂ ᠪᠠᠶ᠋ᠬᠠᠤᠯᠠᠭᠠᠨ ᠲᠤᠮᠢᠯᠠᠭᠰᠠᠨ ᠰᠠᠯᠪᠤᠷᠢ ᠶᠢᠨ ᠨᠠᠮ ᠤᠨ ᠡᠭᠦᠷ ᠤᠨ ᠨᠠᠮ ᠤᠨ ᠭᠡᠰᠢᠭᠦᠨ | ᠠᠷᠠᠳ ᠤᠨ ᠴᠠᠭᠳᠠᠭ᠎ᠠ ᠵᠢᠴᠢ ᠨᠠᠷᠠᠳᠥ ᠭᠠᠴᠠᠭ᠎ᠠ ᠶᠢᠨ ᠬᠤᠶᠠᠷ ᠵᠥᠪᠯᠡᠯ ᠤᠨ ᠺᠠᠳ᠋ᠷ ᠬᠠᠮᠳᠤ ᠪᠠᠷ ᠨᠠᠷᠠᠳᠥ | ᠭᠠᠴᠠᠭ᠎ᠠ ᠶᠢᠨ ᠬᠦᠨᠳᠦ ᠡᠪᠡᠳᠴᠢᠨ ᠲᠠᠢ ᠨᠠᠰᠤᠲᠠᠳ ᠢ ᠲᠣᠬᠤᠨᠢᠭᠤᠯᠵᠤ᠂ ᠲᠡᠳᠡᠨ ᠳᠤ ᠲᠣᠬᠤᠨᠢᠭᠤᠯᠬᠤ ᠡᠳ᠋ ᠪᠣᠳᠠᠰ | ᠬᠦᠷᠭᠡᠨ ᠥᠭᠪᠡ᠃ ᠨᠠᠮ ᠤᠨ ᠭᠡᠰᠢᠭᠦᠨ ᠠᠷᠠᠳ ᠤᠨ ᠴᠠᠭᠳᠠᠭ᠎ᠠ ᠬᠦᠨᠳᠦ ᠡᠪᠡᠳᠴᠢᠨ ᠲᠠᠢ ᠨᠠᠰᠤᠲᠠᠳ ᠤᠨ | ᠠᠮᠢᠳᠤᠷᠠᠯ ᠤᠨ ᠪᠠᠶᠢᠳᠠᠯ ᠢ ᠥᠢᠯᠠᠭᠠᠬᠤ ᠵᠡᠷᠭᠡ ᠬᠡᠯᠪᠡᠷᠢ ᠪᠠᠷ ᠳᠠᠮᠵᠢᠨ ᠣᠯᠠᠨ ᠲᠦᠮᠡᠨ ᠲᠠᠢ ᠵᠣᠭᠤᠭᠳᠠᠨ᠂ | ᠬᠤᠪᠢᠷᠠᠯᠲᠠ ᠶᠢᠨ ᠲᠤᠬᠠᠶ ᠶᠠᠷᠢᠯᠴᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠲᠤ ᠲᠥᠬᠦᠮ | ᠦᠵᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠣᠯᠠᠨ | ᠲᠦᠮᠡᠨ ᠤ ᠰᠤᠷᠭᠠᠨ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢ ᠠᠬᠢᠭᠤᠯᠵᠠᠢ᠃ | ᠨᠠᠷᠠᠳᠥ ᠭᠠᠴᠠᠭ᠎ᠠ ᠶᠢᠨ ᠭᠥᠨᠳᠥ ᠡᠪᠡᠳᠴᠢᠨ ᠲᠠᠢ ᠨᠠᠰᠤᠳᠡᠨ ᠬᠠᠨ ᠣᠪᠣᠭᠲᠤ᠄ ︽ᠪᠠᠶ᠋ᠬᠠᠤᠯᠠᠭᠠᠨ | ᠲᠤᠮᠢᠯᠠᠭᠰᠠᠨ ᠰᠠᠯᠪᠤᠷᠢ ᠶᠢᠨ ᠨᠠᠮ ᠤᠨ ᠡᠭᠦᠷ ᠤᠨ ᠥᠷᠨᠢᠭᠦᠯᠥᠭᠰᠡᠨ ᠲᠣᠰ ᠤᠳᠠᠭᠠᠨ ᠤ ᠠᠵᠢᠯᠯᠠᠭ᠎ᠠ ᠨᠢ ᠮᠠᠨ ᠳᠤ | ᠠᠮᠢᠳᠤᠷᠠᠯ ᠤᠨ ᠲᠠᠯ᠎ᠠ ᠪᠠᠷ ᠬᠠᠪᠰᠤᠷᠤᠯᠭ᠎ᠠ ᠦᠵᠡᠭᠦᠯᠵᠦ᠂ ᠣᠶᠤᠨ ᠰᠠᠨᠠᠭᠠᠨ ᠤ ᠲᠠᠯ᠎ᠠ ᠪᠠᠷ ᠲᠠᠶᠢᠳᠬᠤᠷᠠᠭᠤᠯᠤᠯ | ᠬᠦᠷᠲᠡᠭᠡᠭᠰᠡᠨ ᠪᠠᠶᠢᠨ᠎ᠠ᠃ ᠪᠢᠳᠡ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠬᠠᠯᠠᠭᠤᠨ ᠳᠤᠯᠠᠭᠠᠨ ᠢ | ᠦᠨᠡᠨ ᠬᠦ ᠣᠶᠢᠯᠠᠭᠠᠭᠰᠠᠨ ᠪᠣᠯᠬᠤᠷ ᠬᠤᠶᠢᠰᠢᠳᠠ ᠯᠠᠪᠲᠠᠶ ᠢᠳᠡᠪᠬᠢᠲᠡᠶ ᠣᠪᠣᠷ ᠢᠶᠠᠷ ᠠᠮᠢᠳᠤᠷᠠᠯ ᠳᠤ ᠬᠠᠨᠳᠤᠨ᠎ᠠ︾ | ᠬᠡᠪᠡ᠃ | ᠲᠤᠰ ᠤᠳᠠᠭᠠᠨ ᠤ ︽ᠨᠠᠮ ᠤᠨ ᠠᠴᠢ ᠳᠤ ᠲᠠᠯᠠᠷᠬᠠᠵᠥ᠂ ᠨᠠᠮ ᠤᠨ ᠦᠭᠡ ᠶᠢ ᠰᠣᠨᠣᠰᠴᠤ᠂ ᠨᠠᠮ ᠢᠶᠠᠨ | ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠤᠨ ᠭᠥᠨᠳᠥ | ᠡᠪᠡᠳᠴᠢᠨ ᠲᠠᠢ ᠨᠠᠰᠤᠳᠡᠳ ᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠦᠨᠡᠨᠬᠦ | ᠬᠦᠷᠲᠡᠭᠡᠭᠰᠡᠨ ᠪᠥᠭᠡᠳ ᠤᠯᠠᠨ ᠲᠦᠮᠡᠨ ᠯᠦᠭᠡ ᠶᠢᠨ ᠬᠤᠭᠤᠷᠣᠨᠳᠣᠬᠢ ᠬᠠᠷᠢᠴᠠᠭ᠎ᠠ ᠶᠢ ᠤᠯᠠᠮ ᠨᠢᠬᠳᠠᠷᠠᠭᠤᠯᠵᠥ᠂ | ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠤᠯᠠᠨ | ᠲᠦᠮᠡᠨ ᠤ ᠵᠣᠯ ᠵᠢᠷᠭᠠᠯᠳᠥ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ | ᠨᠡᠮᠡᠭᠳᠡᠭᠦᠯᠦᠭᠰᠡᠨ ᠪᠠᠶᠢᠨ᠎ᠠ᠃ | ︵ᠰᠤᠳᠤᠨ︶ |