ᠵᠠᠯᠠᠶᠢᠳ ᠬᠤᠰᠢᠭᠤᠨ ᠤ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ  ᠲᠤᠷᠠᠨ ᠨᠠᠭᠤᠷ ᠴᠡᠴᠡᠷᠯᠢᠭ ᠢᠶᠠᠷ ᠬᠦᠷᠴᠦ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/1/23
    ᠡᠪᠦᠯ ᠤᠨ ᠤᠯᠠᠷᠢᠯ ᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠪᠠ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠪᠠᠷ᠂ ᠤᠶᠢᠷ᠎ᠠ ᠶᠢᠨ ᠡᠳᠦᠷ᠂ ᠬᠢᠨᠭ᠍ᠭᠠᠨ ᠠᠶᠢᠮᠠᠬ ᠤᠨ ᠵᠠᠯᠠᠶᠢᠳ ᠬᠤᠰᠢᠭᠤᠨ ᠤ ᠭᠠᠯ ᠰᠡᠷᠭᠡᠶᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶᠠᠲᠤ ᠣᠷᠣᠨ ᠤ ᠪᠠᠨ ᠲᠤᠷᠠᠨ ᠨᠠᠭᠤᠷ ᠴᠡᠴᠡᠷᠯᠢᠭ ᠢᠶᠠᠷ ᠬᠦᠷᠴᠦ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠳᠤ᠂ ᠭᠠᠯ ᠰᠡᠷᠭᠡᠶᠢᠯᠡᠵᠦ ᠤᠨᠲᠠᠷᠠᠭᠠᠬᠤ ᠤᠬᠠᠭᠤᠯᠤᠬᠴᠢ ᠠᠴᠠ ᠰᠠᠶᠢᠨ ᠲᠤᠷᠠᠴᠤᠤᠯ ︽ᠪᠣᠳᠠᠲᠤ ᠪᠠᠶᠢᠳᠠᠯ ᠳᠤ ᠣᠶᠢᠷᠠᠳᠬᠤ᠂ ᠠᠮᠢᠳᠤᠷᠠᠯ ᠳᠤ ᠣᠶᠢᠷᠠᠳᠬᠤ᠂ ᠣᠯᠠᠨ ᠲᠦᠮᠡᠨ ᠳᠤ ᠣᠶᠢᠷᠠᠳᠬᠤ︾ ᠪᠠᠷ ᠵᠠᠷᠴᠢᠮ ᠪᠣᠯᠭᠠᠵᠤ᠂ ᠣᠯᠠᠨ ᠲᠦᠮᠡᠨ ᠳᠤ ︽ᠭᠡᠷ ᠪᠦᠯᠢ ᠶᠢᠨ ᠭᠠᠯ ᠰᠡᠷᠭᠡᠶᠢᠯᠡᠵᠥ ᠤᠨᠳᠡᠷᠠᠭᠠᠬᠤ ᠶᠡᠷᠦ ᠶᠢᠨ ᠮᠡᠳᠡᠯᠭᠡ︾᠂ ︽ᠨᠡᠶᠢᠭᠡᠮ ᠲᠣᠭᠤᠷᠢᠭ ᠤᠨ ᠭᠠᠯ ᠰᠡᠷᠭᠡᠶᠢᠯᠡᠵᠥ ᠤᠨᠳᠡᠷᠠᠭᠠᠬᠤ ᠮᠡᠳᠡᠯᠭᠡ︾ ᠵᠡᠷᠭᠡ ᠵᠢᠷᠤᠭ ᠪᠢᠴᠢᠭ ᠬᠤᠣᠰᠯᠠᠭᠰᠠᠨ ᠭᠠᠯ ᠰᠠᠷᠬᠡᠶᠢᠯᠠᠵᠥ ᠤᠨᠲᠠᠷᠠᠭᠠᠬᠤ ᠤᠬᠠᠭᠤᠯᠭ᠎ᠠ ᠶᠢᠨ ᠮᠠᠲ᠋ᠧᠷᠢᠶᠠᠯ ᠤᠨ ᠭᠠᠷ ᠳᠡᠪᠲᠡᠷ ᠢ ᠨᠡᠶᠢᠲᠡ ᠵᠠᠭᠤ ᠭᠠᠷᠤᠶ ᠬᠤᠪᠢ ᠲᠠᠷᠬᠠᠭᠠᠵᠤ᠂ ᠡᠭᠦᠨ ᠤ ᠬᠠᠮᠲᠤ ᠬᠡᠷ ᠪᠦᠯᠢ ᠶᠢᠨ ᠭᠠᠯ ᠤᠨ ᠭᠠᠮᠰᠢᠭ ᠤᠨ ᠨᠡᠶᠢᠲᠡᠯᠢᠭ ᠬᠡᠷᠡᠭ ᠲᠠᠢ ᠤᠶᠠᠯᠳᠤᠭᠤᠯᠤᠨ ᠬᠡᠷ ᠪᠦᠯᠢ ᠶᠢᠨ ᠭᠠᠯ ᠤᠨ ᠭᠠᠮᠰᠢᠭ ᠤᠨ ᠬᠡᠮ ᠰᠣᠭᠤᠭ ᠢ ᠬᠡᠷᠬᠢᠨ ᠢᠯᠡᠷᠡᠭᠦᠯᠬᠦ ᠪᠠ ᠠᠷᠢᠯᠭᠠᠬᠤ᠂ ᠭᠠᠯ ᠤᠨ ᠠᠶᠤᠯ ᠤᠨ ᠤᠲᠠᠰᠤ ᠶᠢ ᠬᠡᠷᠬᠢᠨ ᠵᠥᠪ ᠣᠨᠣᠴᠠᠲᠠᠶ ᠤᠲᠠᠰᠤᠳᠠᠬᠤ ᠵᠢᠴᠢ ᠠᠩᠬᠠᠨ ᠤ ᠦᠶ᠎ᠡ ᠶᠢᠨ ᠭᠠᠯ ᠤᠨ ᠭᠠᠮᠰᠢᠭ ᠢ ᠬᠡᠷᠬᠢᠨ ᠤᠨᠲᠠᠷᠠᠭᠠᠬᠤ ᠵᠡᠷᠭᠡ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠨᠠᠷᠢᠨ ᠲᠠᠶᠢᠯᠪᠤᠷᠢᠯᠠᠭᠰᠠᠨ ᠪᠠᠶᠢᠨ᠎ᠠ᠃ ᠡᠭᠦᠨ ᠤ ᠬᠠᠮᠲᠤ ᠥᠷᠭᠡᠨ ᠤᠯᠠᠨ ᠠᠷᠠᠳ ᠲᠦᠮᠡᠨ ᠳᠤ ᠡᠳᠦᠷ ᠲᠤᠳᠤᠮ ᠤᠨ ᠠᠮᠢᠳᠤᠷᠠᠯ ᠳᠤᠮᠳᠠ ᠪᠠᠨ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠰᠢᠳᠡᠮᠠᠬᠠᠢ ᠬᠡᠢ ᠬᠡᠷᠡᠭᠯᠡᠬᠦ ᠶᠢᠨ ᠠᠮᠤᠷ ᠲᠦᠪᠰᠢᠨ ᠢ ᠠᠩᠬᠠᠷᠴᠤ᠂ ᠥᠪᠡᠷ ᠤᠨ ᠪᠡᠶ᠎ᠡ ᠪᠠ ᠭᠡᠷ ᠤᠨ ᠬᠥᠮᠦᠰ ᠤᠨ ᠢᠶᠠᠨ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠠᠪᠤᠷᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢ ᠰᠠᠨᠠᠭᠤᠯᠤᠬᠰᠠᠨ ᠪᠠᠶᠢᠨ᠎ᠠ᠃     ᠲᠣᠰ ᠤᠳᠠᠭᠠᠨ ᠤ ᠠᠵᠢᠯᠯᠠᠭ᠎ᠠ ᠨᠢ ᠬᠠᠷᠢᠶᠠᠲᠤ ᠣᠷᠣᠨ ᠤ ᠪᠠᠨ ᠰᠠᠭᠤᠭᠠᠯᠢ ᠠᠷᠠᠳ ᠤᠨ ᠭᠠᠯ ᠰᠡᠷᠭᠡᠶᠢᠯᠡᠯᠲᠡ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠳᠦᠷ ᠲᠤᠲᠤᠮ ᠤᠨ ᠭᠠᠯ ᠰᠡᠷᠭᠡᠶᠢᠯᠡᠵᠦ ᠤᠨᠳᠠᠷᠠᠭᠠᠬᠤ ᠮᠡᠳᠡᠯᠭᠡ ᠶᠢ ᠨᠡᠮᠡᠭᠳᠡᠭᠦᠯᠦᠨ᠂ ᠬᠠᠷᠢᠶᠠᠲᠤ ᠣᠷᠣᠨ ᠤ ᠪᠠᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
                           ᠯᠢ ᠶᠠᠨ ᠰᠡᠬᠦᠳᠡᠷᠯᠡᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号