ᠬᠤᠰᠢᠭᠤᠨ ᠤ 2 ᠲᠦᠮᠡᠨ ᠮᠢᠬᠠᠨ ᠦᠭᠡᠷ ᠤᠨ ᠠᠮᠢ ᠠᠬᠤᠢ ᠶᠢᠨ ᠶᠡᠷᠦᠩᠭᠡᠶᠢᠯᠡᠭᠰᠡᠨ ᠲᠡᠵᠢᠭᠡᠨ ᠦᠷᠡᠵᠢᠬᠦᠯᠬᠦ ᠲᠠᠯᠠᠪᠠᠢ ᠶᠢᠨ ᠲᠦᠷᠦᠯ ᠵᠦᠢᠯ ᠵᠢᠩᠬᠢᠨᠢ ᠪᠠᠷ ᠠᠰᠢᠭᠯᠠᠯᠳᠠ ᠳᠤ ᠤᠷᠤᠵᠠᠢ
ᠨᠡᠶᠢᠲᠡᠯᠡᠭᠰᠡᠨ ᠴᠠᠭ᠄
2024/1/23
    ᠤᠶᠢᠷ᠎ᠠ ᠶᠢᠨ ᠡᠳᠦᠷ᠂ ᠤᠯᠤᠰ ᠤᠨ ᠨᠤᠳᠤᠭ ᠪᠡᠯᠴᠢᠭᠡᠷ ᠮᠠᠯ ᠠᠵᠦ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠭᠤᠤᠯ ᠵᠢᠱᠢᠶ᠎ᠡ ᠦᠵᠡᠬᠦᠯᠬᠦ ᠤᠷᠤᠨ ᠵᠠᠯᠠᠶᠢᠤᠨ ᠬᠤᠰᠢᠭᠤᠨ ᠤ 2 ᠲᠦᠮᠡᠨ ᠮᠢᠬᠠᠨ ᠦᠭᠡᠷ ᠤᠨ ᠠᠮᠢ ᠠᠬᠤᠢ ᠶᠢᠨ ᠶᠡᠷᠦᠩᠭᠡᠶᠢᠯᠡᠭᠰᠡᠨ ᠲᠡᠵᠢᠭᠡᠨ ᠦᠷᠡᠵᠢᠬᠦᠯᠬᠦ ᠲᠠᠯᠠᠪᠠᠢ ᠲᠦᠷᠦᠬᠦᠦ ᠪᠦᠯᠦᠭ ᠤᠨ 2000 ᠰᠢᠮᠧᠨ᠋ᠳᠠᠷ ᠦᠭᠡᠷ ᠤᠷᠤᠭᠤᠯᠤᠨ ᠲᠡᠵᠢᠭᠡᠨ ᠦᠷᠡᠵᠢᠬᠦᠯᠪᠡ᠃ ᠡᠨᠡ ᠨᠢ ᠲᠤᠰ ᠲᠦᠷᠦᠯ ᠵᠦᠢᠯ ᠵᠢᠩᠬᠢᠨᠢ ᠪᠠᠷ ᠠᠰᠢᠭᠯᠠᠯᠳᠠ ᠳᠤ ᠤᠷᠤᠵᠦ᠂ ᠵᠠᠯᠠᠶᠢᠳ ᠬᠤᠰᠢᠭᠤᠨ ᠤ ᠠᠯᠠᠰᠢᠨ ᠦᠭᠡᠷ ᠲᠡᠵᠢᠭᠡᠨ ᠦᠷᠡᠵᠢᠬᠦᠯᠬᠦ ᠠᠵᠦ ᠦᠢᠯᠡᠰ ᠨᠢ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠬᠦᠭᠵᠢᠯᠳᠡ ᠶᠢᠨ ᠵᠠᠮ ᠢᠶᠠᠷ ᠵᠠᠮᠨᠠᠭᠰᠠᠨ ᠢ ᠬᠠᠷᠠᠭᠤᠯᠵᠦ ᠪᠠᠶᠢᠨ᠎ᠠ᠃ ᠲᠤᠰ ᠲᠦᠷᠦᠯ ᠵᠦᠢᠯ ᠨᠢ 1.5 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠦ᠂ ᠡᠵᠡᠯᠡᠬᠦ ᠭᠠᠵᠠᠷ ᠤᠨ ᠲᠠᠯᠠᠪᠠᠢ 1500 ᠮᠤ᠋ ᠬᠦᠷᠴᠦ᠂ 34 ᠬᠠᠰᠢᠶ᠎ᠠ ᠰᠠᠷᠠᠪᠴᠢ ᠵᠢᠴᠢ ᠲᠡᠵᠢᠭᠡᠯ ᠪᠤᠷᠳᠤᠭ᠎ᠠ ᠶᠢᠨ ᠬᠦᠮᠤᠷᠭᠡ᠂ ᠲᠤᠨᠤᠭ ᠲᠦᠬᠦᠭᠡᠷᠦᠮᠵᠢ ᠶᠢᠨ ᠲᠠᠰᠤᠭ᠂ ᠠᠯᠪᠠᠨ ᠠᠰᠠᠷ ᠵᠡᠷᠭᠡ ᠲᠠᠭᠠᠯᠳᠠ ᠴᠢᠳᠠᠮᠵᠢᠳᠦ ᠤᠷᠤᠨ ᠵᠢᠴᠢ ᠤᠰᠤ ᠴᠠᠬᠢᠯᠭᠠᠨ᠂ ᠨᠤᠭᠤᠭᠠᠷᠠᠭᠤᠯᠤᠯᠳᠠ ᠵᠡᠷᠭᠡ ᠲᠦᠬᠦᠭᠡᠷᠦᠮᠵᠢ ᠶᠢ ᠢᠵᠢ ᠪᠦᠷᠢᠳᠦᠬᠦᠯᠦᠭᠰᠡᠨ ᠪᠠᠶᠢᠨ᠎ᠠ᠃     ᠲᠦᠷᠦᠯ ᠵᠦᠢᠯ ᠨᠢ ᠨᠢᠳᠤᠨᠤᠨ ᠵᠢᠯ ᠤᠨ 6 ᠰᠠᠷ᠎ᠠ ᠶᠢᠨ 10 ᠤ ᠡᠳᠦᠷ ᠡᠬᠢᠯᠡᠬᠦᠯᠵᠦ᠂ ᠤᠳᠤᠬᠠᠨ ᠳᠤ ᠪᠠᠶᠢᠭᠤᠯᠤᠯᠳᠠ ᠬᠢᠬᠦ ᠪᠦᠬᠦ ᠡᠬᠦᠷᠭᠡ ᠪᠠᠨ ᠪᠦᠬᠦᠨ ᠢ ᠪᠡᠶᠡᠯᠡᠬᠦᠯᠵᠦ᠂ ᠲᠦᠷᠦᠬᠦᠦ ᠪᠦᠯᠦᠭ ᠤᠨ 2000 ᠰᠢᠮᠧᠨ᠋ᠳᠠᠷ ᠦᠭᠡᠷ ᠢᠶᠠᠨ ᠤᠷᠤᠭᠤᠯᠤᠨ ᠲᠡᠵᠢᠭᠡᠨ ᠦᠷᠡᠵᠢᠬᠦᠯᠵᠦ᠂ ᠡᠨᠡ ᠵᠢᠯ ᠤᠨ ᠡᠴᠦᠰ ᠪᠤᠯᠳᠠᠯ᠎ᠠ ᠲᠡᠵᠢᠭᠡᠨ ᠦᠷᠡᠵᠢᠬᠦᠯᠬᠦ ᠬᠡᠮᠵᠢᠶ᠎ᠠ ᠪᠠᠨ 5000 ᠬᠦᠷᠭᠡᠵᠦ᠂ 30 ᠬᠦᠮᠦᠨ ᠤ ᠠᠵᠢᠯ ᠤᠯᠭᠤᠬᠤ ᠠᠰᠠᠭᠤᠳᠠᠯ ᠢ ᠰᠢᠭᠤᠳ ᠰᠶᠢᠳᠪᠦᠷᠢᠯᠡᠵᠦ᠂ ᠡᠪᠡᠰᠦ ᠪᠤᠷᠳᠤᠭ᠎ᠠ ᠬᠠᠳᠠᠭᠠᠯᠠᠬᠤ ᠬᠡᠮᠵᠢᠶ᠎ᠡ ᠪᠠᠨ 2 ᠲᠦᠮᠡᠨ ᠲᠤᠨ ᠬᠦᠷᠭᠡᠨ᠂ 200 ᠲᠠᠷᠢᠶᠠᠴᠢᠨ ᠡᠷᠦᠭᠡ ᠶᠢ ᠲᠠᠮ ᠢᠶᠠᠷ ᠲᠠᠶᠢᠴᠢᠯᠠᠨ ᠲᠠᠭᠠᠭᠤᠯᠬᠤ ᠪᠤᠯᠤᠨ᠎ᠠ᠃ ᠲᠤᠰ ᠲᠦᠷᠦᠯ ᠵᠦᠢᠯ ᠨᠢ ᠪᠦᠬᠦ ᠬᠡᠪᠴᠢᠶ᠎ᠠ ᠪᠠᠷ ᠠᠰᠢᠭᠯᠠᠯᠳᠠ ᠳᠤ ᠤᠷᠤᠭᠰᠠᠨ ᠤ ᠰᠡᠬᠦᠯᠡᠷ᠂ ᠵᠢᠯ ᠪᠦᠷᠢ ᠶᠢᠨ ᠬᠦᠭᠡ ᠪᠤᠷᠳᠤᠭ᠎ᠠ ᠵᠢᠴᠢ ᠡᠰᠢ ᠰᠦᠷᠡᠯ ᠬᠡᠷᠡᠭᠰᠡᠬᠦ ᠬᠡᠮᠵᠢᠶ᠎ᠡ 3 ᠲᠦᠮᠡᠨ ᠮᠤ᠋ ᠬᠦᠷᠬᠦ ᠪᠤᠯᠵᠦ᠂ 100 ᠬᠦᠮᠦᠨ ᠤ ᠠᠵᠢᠯ ᠤᠯᠭᠤᠬᠤ ᠠᠰᠠᠭᠤᠳᠠᠯ ᠢ ᠰᠶᠢᠳᠪᠦᠷᠢᠯᠡᠵᠦ᠂ ᠮᠢᠩᠭ᠎ᠠ ᠭᠠᠷᠤᠢ ᠲᠠᠷᠢᠶᠠᠴᠢᠨ ᠡᠷᠦᠭᠡ ᠶᠢ ᠲᠠᠶᠢᠴᠢᠯᠠᠨ ᠤᠷᠤᠯᠭ᠎ᠠ ᠶᠢᠨ ᠨᠡᠮᠡᠭᠳᠡᠯ ᠢ ᠠᠬᠢᠭᠤᠯᠵᠦ᠂ 50 ᠲᠦᠮᠡᠨ ᠮᠦ ᠪᠡᠯᠴᠢᠭᠡᠷ ᠢ ᠠᠮᠤᠷᠵᠢᠭᠤᠯᠤᠨ ᠰᠡᠷᠭᠦᠭᠡᠵᠦ᠂ ᠠᠮᠢ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠤᠯᠤᠨ ᠠᠵᠦ ᠠᠬᠤᠢ ᠶᠢᠨ ᠦᠷ᠎ᠠ ᠠᠰᠢᠭ ᠢ ᠵᠡᠷᠭᠡᠪᠡᠷ ᠲᠡᠭᠡᠭᠰᠢᠯᠡᠬᠦᠯᠬᠦ ᠪᠤᠯᠤᠨ᠎ᠠ᠃  
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号