ᠪᠠᠳᠠᠷᠠᠬᠤ ᠪᠠᠯᠭᠠᠰᠤᠨ ᠤ ᠨᠠᠮ ᠤᠨ ᠬᠤᠷᠢᠶ᠎ᠠ 2024 ᠣᠨ ᠤ 2 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/24
    ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠢ ᠰᠠᠨᠠᠯ︾ ᠂ ᠣᠷᠣᠨ ᠪᠤᠯᠤᠨ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠬᠤᠰᠢᠭᠤᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠵᠢᠴᠢ ᠴᠢᠬᠡᠴᠢ ᠵᠠᠰᠠᠭ ᠤᠨ ᠶᠠᠷᠢᠯᠴᠠᠭᠠᠨ ᠤ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠬᠤ ᠶᠠᠪᠤᠳᠠᠯ ᠢ ᠰᠤᠳᠤᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ  ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠪᠠᠯᠭᠠᠰᠤᠨ ᠤ ᠨᠠᠮ ᠵᠠᠰᠠᠭ ᠤᠨ ᠣᠳᠣᠷᠢᠳᠬᠤ ᠪᠠᠭ ᠤᠨ ᠪᠦᠷᠢᠯᠳᠦᠭᠦᠨ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠪᠠᠳᠠᠷᠠᠬᠤ ᠪᠠᠯᠭᠠᠰᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号