ᠠᠯᠪᠠᠨ ᠵᠢᠷᠦᠮ ᠤᠨ ᠡᠮᠴᠢᠯᠡᠭᠡ ᠪᠠᠷ ᠨᠡᠶᠢᠬᠡᠮ ᠲᠤᠭᠤᠷᠢᠭ ᠤᠨ ᠠᠵᠢᠯᠳᠠᠳ ᠢ ᠬᠠᠯᠠᠮᠵᠢᠯᠠᠨ᠎ᠡ
ᠨᠡᠶᠢᠲᠡᠯᠡᠭᠰᠡᠨ ᠴᠠᠭ᠄
2024/1/24
    ᠤᠶᠢᠷ᠎ᠠ ᠳᠤ᠂ ᠬᠢᠩᠭᠠᠨ ᠠᠶᠢᠮᠠᠬ ᠤᠨ ᠵᠠᠯᠠᠶᠢᠳ ᠬᠤᠰᠢᠭᠤᠨ ᠤ ᠨᠠᠮ ᠤᠨ ᠬᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠤᠨ 230 ᠭᠠᠷᠦᠢ ᠨᠡᠶᠢᠬᠡᠮ ᠲᠤᠭᠤᠷᠢᠭ ᠤᠨ ᠠᠵᠢᠯᠳᠠᠨ ᠳᠤ ᠵᠠᠯᠠᠶᠢᠳ ᠬᠤᠰᠢᠭᠤᠨ ᠤ ᠮᠤᠩᠭᠤᠯ ᠡᠮᠨᠡᠯᠬᠡ ᠶᠢᠨ ᠶᠡᠷᠦᠩᠭᠡᠶᠢᠯᠡᠭᠰᠡᠨ ᠡᠮᠨᠡᠯᠬᠡ ᠶᠢᠨ ᠬᠤᠷᠢᠶ᠎ᠠ ᠦᠨ᠎ᠡ ᠲᠦᠯᠦᠪᠦᠷᠢ ᠦᠬᠡᠢ ᠪᠠᠷ ᠪᠡᠶ᠎ᠡ ᠶᠢᠨ ᠪᠠᠶᠢᠴᠠᠭᠠᠯᠳᠠ ᠬᠢᠵᠥ ᠥᠭᠴᠡᠢ᠃    ᠵᠠᠯᠠᠶᠢᠳ ᠬᠤᠰᠢᠭᠤᠨ ᠤ ᠮᠤᠩᠭᠤᠯ ᠡᠮᠨᠡᠯᠬᠡ ᠶᠢᠨ ᠶᠡᠷᠦᠩᠭᠡᠶᠢᠯᠡᠭᠰᠡᠨ ᠡᠮᠨᠡᠯᠬᠡ ᠶᠢᠨ ᠬᠤᠷᠢᠶ᠎ᠠ ᠶᠢᠨ ᠲᠡᠳ᠋ ᠲᠠᠷᠤᠭ᠎ᠠ ᠸᠠᠩ  ᠹᠦ᠋᠄ ︽ᠨᠡᠶᠢᠬᠡᠮ ᠲᠤᠭᠤᠷᠢᠭ ᠤᠨ ᠠᠵᠢᠯᠳᠠᠳ ᠢ ᠬᠠᠯᠠᠮᠵᠢᠯᠠᠬᠤ ᠶᠢᠨ ᠲᠦᠯᠦᠬᠡ᠂ ᠬᠤᠰᠢᠭᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ᠪᠤᠯᠤᠨ ᠬᠤᠰᠢᠭᠤᠨ ᠤ ᠮᠤᠩᠭᠤᠯ ᠡᠮᠨᠡᠯᠬᠡ ᠶᠢᠨ ᠶᠡᠷᠦᠩᠭᠡᠶᠢᠯᠡᠭᠰᠡᠨ ᠡᠮᠨᠡᠯᠬᠡ ᠶᠢᠨ ᠬᠤᠷᠢᠶ᠎ᠠ ᠬᠠᠮᠳᠤᠷᠠᠨ ᠨᠡᠶᠢᠬᠡᠮ ᠲᠤᠭᠤᠷᠢᠭ ᠤᠨ 230 ᠭᠠᠷᠦᠢ ᠠᠵᠢᠯᠳᠠᠨ ᠳᠤ ᠡᠷᠡᠬᠦᠯ ᠮᠡᠨᠳᠤ ᠶᠢᠨ ᠪᠠᠶᠢᠴᠠᠭᠠᠯᠳᠠ ᠬᠢᠵᠦ ᠦᠭᠴᠡᠢ︾ ᠬᠡᠵᠦ ᠰᠤᠷᠪᠤᠯᠵᠢᠯᠠᠬᠴᠢ ᠳᠤ ᠶᠠᠷᠢᠯ᠎ᠠ᠃    ᠲᠤᠬᠠᠢ ᠶᠢᠨ ᠲᠠᠯᠠᠪᠦᠷ ᠲᠤ᠂ ᠵᠠᠯᠠᠶᠢᠳ ᠬᠤᠰᠢᠭᠤᠨ ᠤ ᠮᠤᠩᠭᠤᠯ ᠡᠮᠨᠡᠯᠬᠡ ᠶᠢᠨ ᠶᠡᠷᠦᠩᠭᠡᠶᠢᠯᠡᠭᠰᠡᠨ ᠡᠮᠨᠡᠯᠬᠡ ᠶᠢᠨ ᠬᠤᠷᠢᠶ᠎ᠠ ᠨᠡᠶᠢᠬᠡᠮ ᠲᠤᠭᠤᠷᠢᠭ ᠤᠨ ᠠᠵᠢᠯᠳᠠᠳ ᠲᠤ CT᠂ ᠬᠡᠳᠦ ᠲᠤᠯᠬᠢᠶᠠᠨ ᠵᠡᠷᠭᠡ ᠪᠠᠶᠢᠴᠠᠭᠠᠯᠳᠠ ᠬᠢᠵᠦ ᠦᠭᠴᠡᠢ ᠃ ᠪᠠᠶᠢᠴᠠᠭᠠᠯᠳᠠ ᠶᠢᠨ ᠲᠠᠷᠠᠭ᠎ᠠ᠂ ᠡᠮᠨᠡᠯᠬᠡ ᠶᠢᠨ ᠬᠤᠷᠢᠶ᠎ᠠ ᠶᠢᠨ ᠠᠵᠢᠯᠳᠠᠳ ᠨᠡᠶᠢᠬᠡᠮ ᠲᠤᠭᠤᠷᠢᠭ ᠤᠨ ᠠᠵᠢᠯᠳᠠᠳ ᠤᠨ ᠪᠡᠶ᠎ᠡ ᠶᠢᠨ ᠪᠠᠶᠢᠴᠠᠭᠠᠯᠳᠠ ᠶᠢᠨ ᠳ᠋ᠦᠩ ᠢ ᠶᠡᠷᠦᠩᠭᠡᠶᠢᠯᠡᠨ ᠵᠠᠳᠠᠯᠵᠦ ᠦᠭᠴᠦ᠂ ᠲᠡᠳᠡᠨ ᠤ ᠬᠠᠯᠠᠭᠤᠨ ᠬᠦᠷᠢᠶᠡᠯᠡᠯ ᠢ ᠤᠯᠤᠬᠰᠠᠨ ᠪᠠᠶᠢᠨ᠎ᠠ᠃    ᠵᠠᠯᠠᠶᠢᠳ ᠬᠤᠰᠢᠭᠤ ᠨᠡᠶᠢᠬᠡᠮ ᠲᠤᠭᠤᠷᠢᠭ ᠤᠨ ᠠᠵᠢᠯᠳᠠᠳ ᠤᠨ ᠪᠡᠶ᠎ᠡ ᠰᠡᠳᠬᠢᠴᠡ ᠶᠢᠨ ᠡᠷᠡᠬᠦᠯ ᠮᠡᠨᠳᠤ ᠶᠢ ᠲᠦᠢᠯ ᠢᠶᠠᠷ ᠴᠢᠬᠤᠯᠠᠴᠢᠯᠠᠵᠦ᠂ ᠨᠡᠶᠢᠬᠡᠮ ᠲᠤᠭᠤᠷᠢᠭ ᠤᠨ ᠠᠵᠢᠯᠳᠠᠳ ᠢ ᠬᠠᠯᠠᠮᠵᠢᠯᠠᠬᠤ ᠠᠵᠢᠯ ᠢ ᠪᠤᠳᠠᠳᠠᠢ ᠳᠤ ᠲᠤᠭᠤᠰᠢᠯᠠᠭᠤᠯᠵᠦ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠭᠤᠯᠤᠨ᠂ ᠨᠡᠶᠢᠬᠡᠮ ᠲᠤᠭᠤᠷᠢᠭ ᠤᠨ ᠠᠵᠢᠯᠳᠠᠳ ᠤᠨ ᠪᠡᠶ᠎ᠡ ᠮᠠᠬᠠᠪᠤᠳ ᠤᠨ ᠡᠷᠡᠬᠦᠯ ᠴᠢᠬᠢᠷᠠᠭ ᠤᠨ ᠤᠬᠠᠮᠰᠠᠷ ᠢ ᠲᠡᠭᠡᠭᠰᠢᠯᠡᠬᠦᠯᠦᠭᠰᠡᠨ ᠢᠶᠠᠷ ᠪᠠᠷᠠᠬᠤ ᠦᠬᠡᠢ ᠂ ᠨᠡᠶᠢᠬᠡᠮ ᠲᠤᠭᠤᠷᠢᠭ ᠤᠨ ᠠᠵᠢᠯᠳᠠᠳ ᠤᠨ ᠠᠵᠢᠯ ᠤᠨ ᠬᠠᠯᠠᠭᠤᠨ ᠰᠡᠳᠬᠢᠯᠬᠡ ᠶᠢ ᠬᠦᠭᠵᠢᠬᠡᠵᠦ᠂ ᠨᠡᠶᠢᠬᠡᠮ ᠲᠤᠭᠤᠷᠢᠭ ᠤᠨ ᠨᠢᠬᠳᠠᠷᠠᠯ ᠤᠨ ᠬᠦᠴᠦᠨ ᠢ ᠴᠢᠩᠭᠠᠷᠠᠭᠤᠯᠵᠦ᠂ ᠶᠡᠷᠦᠩᠭᠡᠶᠢᠯᠡᠭᠰᠡᠨ ᠬᠡᠪ ᠴᠢᠨᠠᠷ ᠢᠶᠠᠷ ᠦᠨᠳᠦᠷ᠂ ᠲᠤᠬᠠᠶᠢᠯᠠᠬᠰᠠᠨ ᠠᠵᠢᠯ ᠤᠨ ᠴᠢᠳᠠᠪᠦᠷᠢ ᠪᠠᠷ ᠴᠢᠩᠭ᠎ᠠ ᠡᠩᠨᠡᠭᠡ ᠶᠢ ᠪᠠᠶᠢᠭᠤᠯᠬᠤ ᠳᠤ ᠪᠠᠳᠦ ᠰᠠᠭᠤᠷᠢ ᠶᠢ ᠲᠠᠯᠪᠢᠬᠰᠠᠨ ᠪᠠᠶᠢᠨ᠎ᠠ᠃
                 ᠵᠤᠤ ᠽᠢ ᠯᠥᠩ     ᠸᠠᠩ ᠲᠢᠶᠠᠨ ᠷᠣ᠋  ᠰᠡᠭᠦᠳᠡᠷᠯᠡᠨ ᠮᠡᠳᠡᠭᠡᠯᠡᠪᠡ
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号