ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠣᠭᠤᠯᠵᠠᠢ
ᠨᠡᠶᠢᠲᠡᠯᠡᠭᠰᠡᠨ ᠴᠠᠭ᠄
2024/1/24
    1 ᠰᠠᠷ᠎ᠠ ᠶᠢᠨ 22 ᠤᠨ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠬᠤᠶᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ  ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠣᠷᠣᠨ᠂ ᠠᠶᠢᠮᠠᠭ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠡᠯ᠎ᠡ ᠵᠦᠢᠯ ᠤᠨ ᠠᠵᠢᠯ ᠤᠨ ᠢᠶᠠᠨ ᠭᠤᠣᠯ ᠰᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠬᠠᠢ ᠠᠷᠭ᠎ᠠ ᠬᠡᠮᠵᠢᠶ᠎ᠡ᠂ ᠲᠥᠰᠥᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠠᠵᠤ ᠠᠬᠤᠢ ᠶᠢᠨ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠢᠮᠠᠭᠲᠠ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡᠳᠦᠯ ᠢᠶᠠᠨ ᠪᠠᠳᠠᠷᠠᠭᠤᠯᠬᠤ ᠶᠢ ᠪᠠᠲᠤᠯᠠᠵᠤ᠂ ᠡᠯ᠎ᠡ ᠲᠠᠯ᠎ᠠ ᠶᠢ ᠨᠢᠭᠲᠠᠷᠠᠭᠤᠯᠤᠨ ᠬᠠᠮᠳᠤᠷᠠᠯ ᠤᠨ ᠬᠦᠴᠦᠨ ᠢ ᠪᠦᠷᠢᠯᠳᠦᠭᠦᠯᠵᠦ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠤᠬᠠᠶᠢᠯᠠᠭᠰᠠᠨ ᠠᠵᠢᠯ ᠪᠤᠯᠤᠨ ᠪᠣᠳᠠᠲᠠᠢ ᠳᠤ ᠰᠠᠭᠤᠷᠢᠯᠠᠵᠤ᠂ ᠠᠵᠢᠯ ᠤᠨ ᠰᠡᠳᠬᠢᠴᠡ ᠪᠠᠨ ᠲᠣᠳᠣᠷᠬᠠᠶᠢᠯᠠᠨ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠲᠦᠷᠦᠯ ᠵᠦᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠬᠠᠷᠢᠭᠤᠴᠠᠯᠭ᠎ᠠ ᠶᠢᠨ ᠳᠦᠷᠢᠮ ᠢ ᠲᠣᠳᠣᠷᠬᠠᠶᠢᠯᠠᠨ᠂ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠶᠢ ᠪᠦᠬᠦ ᠬᠦᠴᠦᠨ  ᠢᠶᠠᠷ ᠢᠶᠠᠨ ᠰᠠᠶᠢᠲᠤᠷ ᠠᠳᠬᠤᠵᠤ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂ ᠰᠠᠶᠢᠨ ᠡᠬᠢᠯᠡᠯᠲᠡ ᠵᠢᠴᠢ ᠪᠦᠬᠦ ᠵᠢᠯ ᠤᠨ ᠲᠣᠭᠲᠠᠭᠤᠨ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠣᠰᠣ ᠳᠦᠷᠢᠮ ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠥᠪᠡᠷ ᠢ ᠪᠠᠨ ᠰᠠᠶᠢᠲᠤᠷ ᠬᠠᠮᠢᠶᠠᠷᠴᠤ᠂ ᠭᠡᠷ ᠤᠨ ᠬᠥᠮᠥᠰ ᠢᠶᠠᠨ ᠰᠠᠶᠢᠲᠤᠷ ᠬᠠᠮᠢᠶᠠᠷᠴᠤ᠂ ᠳᠡᠷᠭᠡᠳᠡᠬᠢ ᠬᠥᠮᠥᠰ ᠢᠶᠠᠨ ᠰᠠᠶᠢᠲᠤᠷ ᠬᠠᠮᠢᠶᠠᠷᠴᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠂ ᠰᠢᠨ᠎ᠡ ᠴᠠᠭ ᠦᠶ᠎ᠡ ᠶᠢᠨ ᠨᠠᠮ ᠢ ᠴᠢᠩᠭ᠎ᠠ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠵᠠᠯᠠᠶᠢᠳ ᠬᠤᠰᠢᠭᠤᠨ ᠤ ᠤᠳᠤᠷᠢᠳᠤᠯᠭ᠎ᠠ ᠴᠢ ᠯᠢᠨ ᠬᠤᠷᠠᠯ ᠳᠤ ᠣᠷᠣᠯᠴᠠᠵᠤ᠂ ᠬᠠᠰᠪᠦ᠋ᠭᠡ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号