ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/24
    1 ᠰᠠᠷ᠎ᠠ ᠶᠢᠨ 23 ᠤ ᠡᠳᠦᠷ᠂ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠪᠠᠨ ᠭᠤᠷᠪᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠬᠠᠰᠪᠦ᠋ᠬᠡ ᠬᠤᠷᠠᠯ ᠡᠷᠭᠢᠯᠡᠪᠡ᠃     ᠬᠤᠷᠠᠯ ᠠᠴᠠ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽2023 ᠣᠨ ᠤ ᠪᠥᠬᠦ ᠬᠤᠰᠢᠭᠤᠨ ᠤ ᠣᠷᠴᠢᠨ ᠲᠣᠭᠤᠷᠢᠨ ᠤ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠰᠣᠨᠣᠰᠴᠤ᠂ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠬᠤ ᠬᠠᠮᠢᠶ᠎ᠠ ᠪᠦᠬᠦᠢ ᠶᠠᠪᠤᠳᠠᠯ ᠤᠳ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠠᠪᠤᠳᠠᠯ ᠤᠳ ᠢ ᠶᠠᠪᠤᠭᠳᠠᠭᠤᠯᠵᠠᠢ᠃     ᠬᠤᠷᠠᠯ ᠠᠴᠠ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠲᠦᠷᠤ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠤ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠤ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠤ ᠠᠰᠢᠭ ᠲᠤᠰᠠ ᠶᠢ ᠤᠬᠠᠮᠰᠠᠷ ᠠᠴᠠ ᠪᠠᠨ ᠬᠠᠮᠠᠭᠠᠯᠠᠵᠤ᠂ ᠤᠯᠠᠨ ᠲᠦᠮᠡᠨ ᠤ ︽ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ︾ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠪᠠᠷ ᠵᠠᠰᠠᠬᠤ ᠤᠬᠠᠮᠰᠠᠷ ᠢ ᠪᠠᠲᠤ ᠪᠤᠢ ᠪᠣᠯᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠ ᠬᠢᠷᠢ ᠲᠦᠪᠰᠢᠨ ᠢᠶᠠᠨ ᠴᠢᠷᠮᠠᠶᠢᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠩ ᠶᠡᠭᠡ ᠡᠭᠦᠷᠭᠡᠯᠡᠯ ᠢᠶᠠᠷ ᠨᠡᠩ ᠶᠡᠭᠡ ᠵᠢᠳᠬᠦᠯ ᠴᠢᠷᠮᠠᠶᠢᠯᠭ᠎ᠠ ᠶᠢ ᠪᠡᠶᠡᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃      ᠬᠤᠷᠠᠯ ᠠᠴᠠ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠨ ᠢ ᠰᠠᠶᠢᠲᠤᠷ ᠬᠢᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠨᠢᠭᠡᠴᠢ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠣᠷᠣᠨ ᠪᠦᠰᠡ ᠶᠢᠨ ᠬᠠᠮᠵᠢᠯᠴᠠᠨ ᠵᠠᠰᠠᠬᠤ ᠪᠠ ᠤᠰᠤᠨ ᠤ ᠡᠬᠢ ᠰᠤᠷᠪᠤᠯᠵᠢ ᠶᠢᠨ ᠠᠮᠢ ᠠᠬᠤᠢ ᠶᠢᠨ ᠬᠠᠮᠠᠭᠠᠯᠠᠯᠲᠠ ᠶᠢ  ᠦᠨᠡᠨ ᠬᠦ ᠴᠢᠩᠭᠠᠳᠬᠠᠵᠤ᠂ ᠤᠬᠠᠭᠤᠯᠭ᠎ᠠ ᠪᠠᠨ ᠦᠷᠭᠦᠯᠵᠢᠯᠡᠨ ᠴᠢᠩᠭᠠᠳᠬᠠᠨ᠂ ᠪᠠᠶᠢᠴᠠᠭᠠᠨ ᠰᠤᠳᠤᠯᠬᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠵᠡᠷᠭᠡ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ︽ᠨᠢᠳᠣᠨ ᠴᠡᠴᠡᠭᠡᠢ ᠪᠠᠨ ᠬᠠᠮᠠᠭᠠᠯᠠᠬᠤ ᠰᠢᠭ᠋ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ︾ ᠨᠡᠶᠢᠭᠡᠮ ᠤᠨ ᠬᠠᠮᠲᠤ ᠶᠢᠨ ᠲᠠᠨᠢᠯᠲᠠ ᠢ ᠪᠤᠢ ᠪᠣᠯᠭᠠᠵᠤ᠂ ᠬᠠᠮᠲᠤᠪᠠᠷ ᠴᠢᠷᠮᠠᠶᠢᠵᠤ ᠪᠠᠶᠢᠭᠠᠳ ᠨᠤᠲᠤᠭ ᠤᠰᠤᠨ ᠤ ᠪᠠᠨ ᠠᠮᠢ ᠠᠬᠤᠢ  ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ  ᠴᠢᠬᠤᠯᠠᠴᠢᠯᠠᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号