ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ 2024 ᠣᠨ ᠤ ᠬᠠᠮᠳᠣ ᠶᠢᠨ ᠰᠤᠷᠤᠯᠴᠠᠯᠭ᠎ᠠ ᠬᠢᠵᠡᠢ
ᠨᠡᠶᠢᠲᠡᠯᠡᠭᠰᠡᠨ ᠴᠠᠭ᠄
2024/1/24
     1 ᠰᠠᠷ᠎ᠠ ᠶᠢᠨ 23 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ ᠬᠤᠰᠢᠭᠤᠨ ᠤ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠤᠨᠡᠬᠢ ᠬᠠᠮᠳᠣ  ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠣᠭᠤᠯᠵᠠᠢ᠃     ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ︽ᠭᠤᠣᠯ ᠰᠡᠳᠦᠪᠲᠦ ᠬᠥᠮᠦᠵᠢᠯ ᠤᠨ ᠳᠤᠮᠳᠠ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠵᠡᠷᠭᠡ ᠶᠢ ᠣᠯᠠᠮᠵᠢᠯᠠᠨ ᠰᠤᠷᠤᠯᠴᠠᠪᠠ᠃ ᠬᠤᠷᠠᠯ ᠠᠴᠠ ᠪᠠᠰᠠ ᠡᠳᠦᠢ ᠲᠡᠳᠦᠢ ᠰᠤᠷᠤᠯᠴᠠᠬᠤ ᠪᠢᠴᠢᠭ ᠮᠠᠲ᠋ᠧᠷᠢᠶᠠᠯ ᠢ ᠤᠯᠠᠮᠵᠢᠯᠠᠪᠠ᠃     ᠬᠤᠷᠠᠯ ᠠᠴᠠ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠲᠤᠰᠬᠠᠢ ᠰᠡᠳᠦᠪᠲᠦ ᠲᠥᠪᠯᠡᠷᠡᠩᠭᠦᠢ ᠰᠤᠷᠤᠯᠴᠠᠯᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ  ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠡᠮᠬᠢᠯᠡᠵᠦ᠂ ᠰᠤᠷᠤᠯᠴᠠᠯᠭ᠎ᠠ ᠶᠢ ᠴᠠᠭ ᠲᠤᠬᠠᠢ ᠳᠤᠨᠢ ᠲᠣᠬᠢᠷᠠᠭᠤᠯᠤᠨ᠂ ᠦᠵᠡᠯ ᠰᠠᠨᠠᠭ᠎ᠠ ᠪᠠᠨ ᠨᠢᠭᠡᠳᠬᠡᠵᠦ᠂ ᠤᠯᠤᠰ ᠲᠥᠷᠥ ᠪᠠᠨ ᠨᠢᠭᠡᠳᠬᠡᠵᠦ᠂ ᠠᠵᠢᠯᠯᠠᠭ᠎ᠠ ᠪᠠᠨ ᠨᠢᠭᠡᠳᠬᠡᠵᠦ᠂ ᠪᠥᠬᠦ ᠬᠤᠰᠢᠭᠤᠨ ᠤ ᠡᠯ᠎ᠡ ᠬᠦᠷᠢᠶᠡᠨ ᠳᠠᠬᠢ ᠠᠵᠢᠯ ᠢᠶᠠᠨ ᠢᠮᠠᠭᠲᠠ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ  ᠬᠢᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠢᠳᠡᠪᠬᠢᠲᠡᠢ ᠪᠠᠷ ᠲᠥᠯᠥᠪᠯᠡᠨ ᠪᠠᠶᠢᠷᠢᠯᠠᠭᠤᠯᠬᠤ ᠬᠡᠷᠡᠭᠲᠡᠢ᠃ ᠰᠤᠷᠤᠯᠴᠠᠬᠤ ᠠᠭᠤᠯᠭ᠎ᠠ᠂ ᠰᠤᠷᠤᠯᠴᠠᠬᠤ ᠬᠡᠯᠪᠡᠷᠢ ᠶᠢ ᠦᠷᠭᠦᠯᠵᠢᠯᠡᠨ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠰᠤᠷᠤᠯᠴᠠᠬᠤ ᠰᠠᠬᠢᠯᠭ᠎ᠠ ᠪᠠᠲᠤ ᠶᠢ ᠴᠢᠩᠳᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠰᠡᠷᠭᠡᠶᠢᠯᠡᠬᠦ ᠶᠢ ᠢᠮᠠᠭᠲᠠ ᠲᠤᠭᠤᠰᠢᠯᠠᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃   
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号