ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/24
     1 ᠰᠠᠷ᠎ᠠ ᠶᠢᠨ 23 ᠤ ᠡᠳᠦᠷ᠂ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠭᠤᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ  ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤᠨ ᠤ ︽ᠬᠤᠶᠠᠷ ᠬᠤᠷᠠᠯ︾ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠵᠡᠷᠭᠡ ᠬᠠᠮᠢᠶ᠎ᠠ ᠪᠦᠬᠦᠢ ᠮᠡᠳᠡᠭᠦᠯᠦᠯᠲᠡ ᠶᠢ ᠰᠤᠳᠤᠯᠤᠨ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃       ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠰᠠᠶᠢᠲᠤᠷ ᠬᠡᠷᠡᠭᠯᠡᠵᠦ᠂ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠨᠡᠩ ᠡᠷᠡᠰ ᠪᠠᠲᠤ ᠤᠬᠠᠮᠰᠠᠷ ᠠᠴᠠ ᠪᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠣᠶ ᠪᠣᠯᠭᠠᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠨ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠪᠦᠷᠢᠯᠳᠦᠭᠦᠯᠵᠦ᠂ ᠪᠥᠬᠦ ᠬᠤᠰᠢᠭᠤᠨ ᠤ ᠠᠵᠤ ᠠᠬᠤᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠲᠣᠬᠢᠷᠠᠭᠤᠯᠬᠤ ᠦᠷ᠎ᠡ ᠪᠦᠲᠦᠮᠵᠢ ᠪᠠ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠠᠷᠠᠳ ᠤᠯᠠᠨ ᠤ ᠰᠡᠳᠬᠢᠯ ᠬᠠᠨᠤᠮᠵᠢᠲᠠᠢ ᠢᠨᠵᠧᠨᠧᠷᠢᠩ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠰᠣᠳᠣᠨ ᠢᠨᠵᠧᠨᠧᠷᠢᠩ ᠪᠣᠯᠭᠠᠨ ᠡᠷᠬᠢᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠢ ᠮᠥᠷᠳᠡᠨ ᠦᠷ᠎ᠡ ᠪᠦᠲᠦᠮᠵᠢ ᠶᠢ ᠠᠰᠠᠭᠤᠬᠤ ᠪᠠᠨ ᠴᠢᠩᠭᠠᠳᠬᠠᠵᠤ᠂ ᠲᠦᠷᠦᠯ ᠵᠦᠢᠯ ᠤᠨ ᠤᠷᠳᠤ ᠬᠤᠭᠤᠴᠠᠭ᠎ᠠ ᠪᠠᠷ ᠦᠷ᠎ᠡ ᠠᠰᠢᠭ ᠢᠶᠠᠨ ᠪᠠᠳᠠᠷᠠᠭᠤᠯᠬᠤ ᠶᠢ ᠪᠠᠲᠤᠯᠠᠵᠤ᠂ ᠨᠡᠩ ᠤᠯᠠᠨ ᠤᠯᠠᠨ ᠲᠦᠮᠡᠨ ᠳᠤ ᠠᠰᠢᠭ ᠬᠦᠷᠲᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠵᠠᠯᠠᠶᠢᠳ ᠬᠤᠰᠢᠭᠤᠨ ᠤ ᠤᠳᠤᠷᠢᠳᠤᠯᠭ᠎ᠠ ᠴᠢ ᠯᠢᠨ᠂ ᠮᠠ ᠮᠧᠩ ᠨᠠᠷ ᠬᠤᠷᠠᠯ ᠳᠤ ᠣᠷᠣᠯᠴᠠᠵᠤ᠂ ᠬᠠᠰᠪᠥ᠋ᠬᠡ᠂ ᠴᠧᠩ ᠮᠢᠩ ᠯᠢ ᠨᠠᠷ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号