ᠮᠠᠯ ᠰᠦᠷᠦᠭ ᠢᠶᠠᠨ ᠮᠡᠨᠳᠦ ᠣᠨᠳᠣᠷᠣᠭᠤᠯᠬᠤ ᠵᠢᠯᠣᠭᠤᠳᠤᠮᠵᠢ
ᠨᠡᠶᠢᠲᠡᠯᠡᠭᠰᠡᠨ ᠴᠠᠭ᠄
2024/1/25
    ᠣᠶᠢᠷ᠎ᠠ ᠳᠤ ᠳᠡᠭᠷᠢ ᠶᠡᠭᠡ ᠬᠦᠢᠳᠡᠷᠡᠵᠦ᠂ ᠴᠠᠰᠤ ᠪᠣᠷᠣᠭᠠᠨ ᠣᠷᠣᠵᠦ᠂ ᠰᠢᠷᠦᠬᠦᠨ ᠰᠢᠭᠤᠷᠭ᠎ᠠ ᠰᠢᠭᠤᠷᠠᠭᠰᠠᠨ  ᠠᠴᠠ ᠮᠠᠯ ᠠᠵᠤ ᠠᠬᠤᠢ ᠳᠤ ᠮᠠᠰᠢ ᠠᠰᠢᠭ ᠦᠭᠡᠢ ᠨᠥᠯᠥᠭᠡ ᠪᠤᠯᠤᠬᠰᠠᠨ ᠪᠠᠶᠢᠨ᠎ᠠ᠃ ᠡᠨᠡ ᠪᠠᠶᠢᠳᠠᠯ ᠳᠤ ᠴᠢᠭᠯᠡᠭᠦᠯᠦᠨ ᠬᠥᠳᠡᠭᠡ ᠠᠵᠦ ᠠᠬᠤᠢ ᠬᠦᠳᠡᠭᠡ ᠲᠤᠰᠬᠤᠨ ᠤ ᠶᠠᠮᠤᠨ ︽ᠮᠠᠯ ᠠᠵᠤ ᠠᠬᠤᠢ ᠶᠢᠨ ᠬᠠᠳᠠᠭᠤ ᠰᠢᠷᠦᠭᠦᠨ ᠵᠤᠳ ᠲᠠᠢ ᠴᠠᠭ ᠠᠭᠠᠷ ᠢ ᠠᠷᠭᠠᠴᠠᠬᠤ ᠮᠡᠷᠭᠡᠵᠢᠯ ᠤᠨ ᠵᠢᠯᠤᠭᠤᠳᠣᠮᠵᠢ︾ ᠶᠢ ᠨᠡᠶᠢᠳᠡᠯᠡᠯ᠎ᠡ᠃ ᠦᠭᠡᠷ᠎ᠡ ᠪᠠᠷ ᠬᠡᠯᠡᠪᠡᠯ᠂ ᠮᠠᠯ ᠤᠨᠤᠭᠠᠨ ᠤ ᠬᠠᠰᠢᠶ᠎ᠠ ᠰᠠᠷᠠᠪᠴᠢ᠂ ᠬᠡᠪᠳᠡᠷᠢ ᠶᠢ ᠳᠣᠯᠠᠭᠠᠯᠠᠨ ᠵᠠᠰᠠᠨ᠎ᠠ᠃ ᠣᠰᠣᠭᠤᠵᠦ ᠬᠥᠯᠳᠡᠬᠦ ᠠᠴᠠ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ᠃ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠮᠠᠯᠵᠢᠬᠤ ᠣᠷᠣᠨ ᠳᠤ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ᠂ ᠡᠪᠡᠰᠦ ᠪᠣᠷᠳᠤᠭ᠎ᠠ ᠶᠢᠨ ᠨᠥᠭᠡᠴᠡᠯᠡᠯᠲᠡ ᠪᠠ ᠲᠤᠲᠠᠭᠳᠠᠵᠤ ᠪᠠᠶᠢᠭ᠎ᠠ ᠪᠠᠶᠢᠳᠠᠯ ᠢ ᠣᠨᠣᠪᠴᠢᠲᠠᠶ ᠡᠵᠡᠮᠰᠢᠨ᠎ᠠ᠃ ᠦᠢᠯᠡᠳᠪᠦᠷᠢᠯᠡᠵᠦ ᠪᠣᠷᠣᠯᠠᠭᠤᠯᠬᠤ ᠶᠢ ᠤᠶᠠᠯᠳᠤᠭᠤᠯᠬᠤ ᠠᠵᠢᠯ ᠢ ᠡᠷᠴᠢᠮᠳᠠᠢ ᠬᠢᠨ᠎ᠡ᠃ ᠮᠠᠯ ᠠᠮᠢᠳᠠᠨ ᠤ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠠᠳᠬᠤᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠠᠷᠡᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号