ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠪᠠᠶᠢᠭᠤᠯᠤᠮᠵᠢ ᠪᠠᠷ ᠪᠠᠶᠢᠴᠠᠭᠠᠯᠳᠠ ᠬᠢᠵᠠᠢ
ᠨᠡᠶᠢᠲᠡᠯᠡᠭᠰᠡᠨ ᠴᠠᠭ᠄
2024/1/25
    ︽ᠬᠤᠶᠠᠷ ᠢ ᠬᠦᠩᠬᠡᠷᠡᠭᠦᠯᠬᠦ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠰᠢᠭᠤᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠳᠠᠬᠢ ᠵᠠᠰᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠪᠥᠬᠦ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ ᠠᠮᠤᠷ ᠠᠮᠤᠭᠤᠯᠠᠩ᠂ ᠪᠠᠶᠠᠷ ᠬᠥᠷ ᠲᠠᠢ ᠪᠠᠷ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢᠨ ᠲᠥᠯᠥᠭᠡ᠂ 1 ᠰᠠᠷ᠎ᠠ ᠶᠢᠨ 19 ᠤ ᠡᠳᠦᠷ᠂ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠵᠢᠷᠭᠤᠭᠠᠨ ᠰᠠᠯᠠᠭ᠎ᠠ ᠮᠥᠴᠢᠷ ᠬᠠᠮᠲᠤᠷᠠᠨ ᠪᠦᠬᠦ ᠬᠤᠰᠢᠭᠤᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠵᠢᠴᠢ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠲᠥᠪ ︵ᠪᠢᠴᠢᠬᠠᠨ ᠬᠤᠭᠤᠯᠠᠨ ᠰᠢᠷᠡᠭᠡ︶ ᠪᠠᠷ ᠪᠠᠶᠢᠴᠠᠭᠠᠯᠳᠠ ᠬᠢᠵᠡᠢ᠃     ᠲᠤᠰ ᠪᠠᠶᠢᠴᠠᠭᠠᠯᠳᠠ ᠳᠤ ᠠᠵᠢᠯᠳᠠᠨ ᠠᠴᠠ ᠰᠢᠨᠵᠢᠯᠡᠭᠡᠨ ᠤ ᠲᠥᠷᠥᠯ ᠤᠨ ᠲᠤᠭᠲᠠᠭᠠᠯ ᠠᠴᠠ ᠵᠥᠷᠢᠴᠡᠨ ᠬᠢᠴᠢᠶᠡᠯ ᠨᠥᠬᠦᠬᠦ᠂ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ᠂ ᠪᠦᠬᠦ ᠤᠯᠤᠰ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠯ ᠤᠨ ᠬᠢᠨᠠᠯᠲᠠ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠤᠨ ᠬᠡᠷᠡᠭᠯᠡᠯᠲᠡ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠪᠠ᠃ ᠪᠠᠶᠢᠴᠠᠭᠠᠯᠳᠠ ᠳᠤ ᠢᠯᠡᠷᠡᠭᠦᠯᠦᠭᠰᠡᠨ ᠠᠰᠠᠭᠤᠳᠠᠯ ᠢ ᠲᠤᠬᠠᠢ ᠶᠢᠨ ᠲᠠᠯᠠᠪᠤᠷ ᠲᠤᠨᠢ ᠵᠢᠭᠠᠨ ᠵᠢᠯᠤᠭᠤᠳᠬᠤ ᠶᠢᠨ ᠬᠠᠮᠲᠤ ᠲᠤᠭᠲᠠᠭᠰᠠᠨ ᠬᠤᠭᠤᠴᠠᠭ᠎ᠠ ᠳᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠤ ᠱᠠᠭᠠᠷᠳᠠᠵᠠᠢ᠃
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号