ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/29
     1 ᠰᠠᠷ᠎ᠠ ᠶᠢᠨ 25 ᠤ ᠡᠳᠦᠷ ᠂ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ᠃ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠵᠦ ᠮᠠᠨᠳᠠ᠂ ᠪᠥᠬᠦ ᠬᠤᠰᠢᠭᠤᠨ ᠤ ᠡᠯ᠎ᠡ ᠰᠤᠷᠭᠠᠭᠤᠯᠢ ︵ᠬᠡᠣᠭᠡᠳ ᠤᠨ ᠴᠡᠴᠡᠷᠯᠢᠭ︶ ᠶᠢᠨ ᠠᠮᠤᠷ ᠲᠦᠪᠰᠢᠨ ᠤ ᠠᠵᠢᠯ ᠤᠨ ᠬᠠᠷᠢᠭᠤᠴᠠᠯᠭᠠᠲᠠᠨ ᠵᠢᠴᠢ ᠬᠠᠮᠢᠶ᠎ᠠ ᠪᠦᠬᠦᠢ ᠠᠮᠤᠷ ᠲᠦᠪᠰᠢᠨ ᠤ ᠠᠵᠢᠯᠲᠠᠨ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠲᠠᠰᠤᠭ ᠤᠨ ᠪᠥᠬᠦ ᠭᠡᠰᠢᠭᠦᠳ ᠬᠤᠷᠠᠯ ᠳᠤ ᠣᠷᠣᠯᠴᠠᠵᠠᠢ᠃      ᠬᠤᠷᠠᠯ ᠠᠴᠠ᠂ ᠡᠯ᠎ᠡ ᠰᠤᠷᠭᠠᠭᠤᠯᠢ ︵ᠬᠡᠣᠭᠡᠳ ᠤᠨ ᠴᠡᠴᠡᠷᠯᠢᠭ︶ ᠡᠪᠦᠯ ᠤᠨ ᠠᠮᠠᠷᠠᠯᠲᠠ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠡᠯ᠎ᠡ ᠵᠦᠢᠯ ᠤᠨ ᠠᠮᠤᠷ ᠲᠦᠪᠰᠢᠨ ᠲᠣᠭᠲᠠᠭᠤᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤᠳᠬᠠᠬᠤ ᠬᠡᠷᠡᠭᠲᠡᠢ ᠭᠡᠵᠤ ᠱᠠᠭᠠᠷᠳᠠᠵᠠᠢ  ᠃      ᠰᠤᠷᠭᠠᠨ ᠬᠥᠮᠦᠵᠢᠯ ᠤᠨ ᠰᠢᠰᠲ᠋ᠧᠮ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠵᠤ ᠤᠨᠲᠠᠷᠠᠭᠠᠬᠤ ᠰᠠᠯᠠᠭ᠎ᠠ ᠮᠥᠴᠢᠷ ᠲᠠᠢ ᠬᠤᠯᠪᠤᠭᠠᠯᠠᠨ ᠪᠠᠶᠢᠴᠠᠭᠠᠯᠲᠠ ᠬᠢᠬᠦ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠲᠣᠭᠲᠠᠭᠤᠨ᠂ ᠡᠶ᠎ᠡ ᠵᠣᠬᠢᠴᠠᠯ ᠢ ᠦᠨᠡᠨ ᠬᠦ ᠪᠠᠲᠤᠯᠠᠬᠤ ᠲᠤᠬᠠᠢ ᠠᠵᠢᠯ ᠢᠶᠠᠨ ᠲᠤᠬᠢᠷᠠᠭᠤᠯᠪᠠ᠃  
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号