ᠢᠨᠳᠡᠷ ᠲᠠᠬᠢ ᠨᠠᠢᠮᠠᠳᠤᠭᠠᠷ ᠪᠠᠭ᠎ᠠ ᠰᠤᠷᠭᠠᠭᠤᠯᠢ ᠬᠦᠳᠡᠯᠮᠦᠷᠢ ᠶᠢᠨ ᠬᠦᠮᠦᠵᠢᠯ ᠢᠶᠠᠷ ᠰᠤᠷᠤᠬᠴᠢᠳ ᠤᠨ ᠬᠦᠭᠵᠢᠯᠳᠡ ᠶᠢ ᠠᠬᠢᠭᠤᠯᠵᠦ ᠪᠤᠢ
ᠨᠡᠶᠢᠲᠡᠯᠡᠭᠰᠡᠨ ᠴᠠᠭ᠄
2024/1/30
    ᠰᠤᠷᠤᠬᠴᠢᠳ ᠤᠨ ᠵᠦᠪ ᠤᠨᠤᠴᠠᠳᠠᠢ ᠬᠦᠳᠡᠯᠮᠦᠷᠢ ᠶᠢᠨ ᠦᠵᠡᠯᠳᠡ ᠶᠢ ᠪᠤᠢ ᠪᠤᠯᠭᠠᠵᠦ᠂ ᠰᠢᠯᠢᠳᠡᠭ ᠬᠦᠳᠡᠯᠮᠦᠷᠢ ᠶᠢᠨ ᠵᠠᠩ ᠲᠠᠳᠬᠠᠯ ᠲᠠᠢ ᠪᠤᠯᠭᠠᠨ ᠬᠦᠮᠦᠵᠢᠬᠦᠯᠬᠦ ᠵᠤᠷᠢᠯᠭ᠎ᠠ ᠠᠴᠠ ᠵᠠᠯᠠᠶᠢᠳ ᠬᠤᠰᠢᠭᠤᠨ ᠤ ᠢᠨᠳᠡᠷ ᠲᠠᠬᠢ ᠨᠠᠢᠮᠠᠳᠤᠭᠠᠷ ᠪᠠᠭ᠎ᠠ ᠰᠤᠷᠭᠠᠭᠤᠯᠢ ᠬᠡᠪ ᠴᠢᠨᠠᠷ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠠᠷ ᠬᠠᠷᠠᠯᠳᠠ ᠪᠤᠯᠭᠠᠵᠦ᠂ ᠡᠳᠦᠷ ᠲᠤᠳᠤᠮ ᠤᠨ ᠬᠡᠷ ᠪᠦᠯᠢ ᠶᠢᠨ ᠬᠦᠳᠡᠯᠮᠦᠷᠢ᠂ ᠦᠢᠯᠡᠳᠪᠦᠷᠢᠯᠡᠯ ᠤᠨ ᠬᠦᠳᠡᠯᠮᠦᠷᠢ ᠪᠠ ᠦᠢᠯᠡᠴᠢᠯᠡᠬᠡᠨ ᠤ ᠴᠢᠨᠠᠷᠳᠠᠢ ᠬᠦᠳᠡᠯᠮᠦᠷᠢ ᠪᠠᠷ ᠭᠤᠤᠯ ᠠᠭᠤᠯᠭ᠎ᠠ ᠪᠤᠯᠭᠠᠵᠦ᠂ 332 ᠦᠪᠡᠷᠮᠢᠴᠡ ᠬᠦᠳᠡᠯᠮᠦᠷᠢ ᠶᠢᠨ ᠬᠦᠮᠦᠵᠢᠯ ᠤᠨ ᠵᠠᠬᠪᠦᠷ ᠢ ᠲᠤᠬᠳᠠᠭᠠᠵᠠᠢ᠃ ᠡᠭᠦᠨ ᠳᠤ ᠭᠤᠷᠪᠠᠨ ᠬᠢᠴᠢᠶᠡᠯ ᠤᠨ ᠲᠠᠩᠬᠢᠮ ᠨᠢ ︵ᠰᠤᠷᠭᠠᠭᠤᠯᠢ ᠶᠢᠨ ᠬᠢᠴᠢᠶᠡᠯ ᠤᠨ ᠲᠠᠩᠬᠢᠮ᠂ ᠬᠡᠷ ᠪᠦᠯᠢ ᠶᠢᠨ ᠬᠢᠴᠢᠶᠡᠯ ᠤᠨ ᠲᠠᠩᠬᠢᠮ᠂ ᠨᠡᠶᠢᠬᠡᠮ ᠤᠨ ᠬᠢᠴᠢᠶᠡᠯ ᠤᠨ ᠲᠠᠩᠬᠢᠮ︶ ᠭᠤᠷᠪᠠᠨ ᠠᠵᠢᠯᠯᠠᠭ᠎ᠠ ᠨᠢ ︵ᠱᠤᠭᠤᠮᠠᠯ᠂ ᠭᠠᠷ ᠤᠷᠠᠯᠠᠯ᠂ ᠤᠷᠠᠨ ᠬᠠᠳᠬᠤᠮᠠᠯ︶᠂ ᠬᠤᠶᠠᠷ ᠰᠠᠭᠤᠷᠢᠨ ᠨᠢ ︵ᠰᠤᠷᠭᠠᠭᠤᠯᠢ ᠶᠢᠨ ᠬᠦᠷᠢᠶᠠᠨ ᠤ ᠬᠦᠳᠡᠯᠮᠦᠷᠢ ᠦᠢᠯᠡᠳᠦᠯᠬᠡ ᠶᠢᠨ ᠬᠦᠮᠦᠵᠢᠯ ᠤᠨ ᠰᠠᠭᠤᠷᠢᠨ ᠭᠠᠵᠠᠷ ᠪᠠ ᠨᠡᠶᠢᠬᠡᠮ ᠤᠨ ᠬᠦᠳᠡᠯᠮᠦᠷᠢ ᠦᠢᠯᠡᠳᠦᠯᠬᠡ ᠶᠢᠨ ᠬᠦᠮᠦᠵᠢᠯ ᠤᠨ ᠰᠠᠭᠤᠷᠢᠨ ᠭᠠᠵᠠᠷ︶ ᠪᠤᠯᠤᠨ᠎ᠠ᠃ ᠡᠶᠢᠮᠤᠷᠬᠦ ᠬᠢᠴᠢᠶᠡᠯ ᠨᠢ ᠪᠦᠷᠢᠨ ᠲᠡᠬᠦᠯᠳᠡᠷ᠂ ᠠᠭᠤᠯᠭ᠎ᠠ ᠨᠢ ᠡᠯᠪᠡᠭ ᠪᠠᠶᠠᠯᠢᠭ᠂ ᠬᠡᠯᠪᠡᠷᠢ ᠨᠢ ᠤᠯᠠᠨ ᠶᠠᠩᠵᠦ ᠶᠢᠨ᠂ ᠲᠤᠬᠳᠠᠴᠠ ᠨᠢ ᠪᠦᠷᠢᠨ ᠲᠡᠬᠦᠯᠳᠡᠷ ᠬᠦᠳᠡᠯᠮᠦᠷᠢ ᠶᠢᠨ ᠬᠦᠮᠦᠵᠢᠯ ᠤᠨ ᠰᠢᠰᠲ᠋ᠧᠮ  ᠢ ᠴᠢᠷᠮᠠᠶᠢᠨ ᠪᠠᠶᠢᠭᠤᠯᠪᠠ᠃      ᠰᠤᠷᠭᠠᠭᠤᠯᠢ ᠨᠢ ᠬᠦᠳᠡᠯᠮᠦᠷᠢ ᠶᠢᠨ ᠬᠦᠮᠦᠵᠢᠯ ᠢ ᠴᠢᠳᠠᠪᠦᠷᠢᠳᠡᠨ ᠬᠦᠮᠦᠵᠢᠬᠦᠯᠬᠦ ᠪᠦᠬᠦ ᠶᠠᠪᠤᠴᠠ ᠳᠤ ᠤᠷᠤᠭᠤᠯᠵᠦ᠂ ᠡᠯ᠎ᠡ ᠰᠤᠷᠤᠯᠭ᠎ᠠ ᠶᠢᠨ ᠱᠠᠳᠦᠨ ᠳᠤ ᠲᠤᠭᠤᠰᠢᠯᠠᠭᠤᠯᠵᠠᠢ᠃ ᠨᠢᠬᠡ ᠬᠤᠶᠠᠳᠤᠭᠠᠷ ᠤᠨ ᠤ ᠰᠤᠷᠤᠬᠴᠢᠳ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠳᠠ ᠠᠴᠠ ᠭᠠᠳᠠᠨᠠᠬᠢ ᠬᠦᠳᠡᠯᠮᠦᠷᠢ ᠶᠢᠨ ᠦᠢᠯᠡᠳᠦᠯᠬᠡ ᠳᠤ ᠢᠳᠡᠪᠬᠢᠳᠡᠢ ᠤᠷᠤᠯᠴᠠᠵᠦ᠂ ᠭᠠᠷ ᠬᠦᠳᠡᠯᠬᠦ ᠴᠢᠳᠠᠪᠦᠷᠢ ᠪᠠᠨ ᠲᠠᠪᠳᠠᠨ ᠪᠤᠯᠪᠠᠰᠦᠷᠠᠭᠤᠯᠪᠠ᠃ ᠭᠤᠷᠪᠠᠳᠤᠭᠠᠷ ᠤᠨ ᠤ ᠰᠤᠷᠤᠬᠴᠢᠳ ᠬᠡᠷ ᠪᠦᠯᠢ ᠶᠢᠨ ᠬᠦᠳᠡᠯᠮᠦᠷᠢ ᠶᠢᠨ ᠲᠤᠮᠳᠠ ᠭᠤᠤᠯᠳᠠᠯᠭ᠎ᠠ ᠲᠠᠢ ᠤᠷᠤᠯᠴᠠᠬᠤ ᠶᠢᠨ ᠬᠠᠮᠳᠤ ᠨᠡᠶᠢᠬᠡᠮ ᠤᠨ ᠬᠦᠳᠡᠯᠮᠦᠷᠢ ᠶᠢᠨ ᠬᠦᠮᠦᠵᠢᠯ ᠢᠶᠠᠷ ᠬᠠᠪᠰᠦᠷᠤᠮᠵᠢ ᠪᠤᠯᠭᠠᠵᠦ᠂ ᠵᠦᠪ ᠤᠨᠤᠴᠠᠳᠠᠢ ᠬᠦᠳᠡᠯᠮᠦᠷᠢ ᠶᠢᠨ ᠦᠵᠡᠯᠳᠡ ᠶᠢ ᠪᠤᠢ ᠪᠤᠯᠭᠠᠪᠠ᠃ ᠲᠦᠷᠪᠡᠳᠦᠬᠡᠷ ᠤᠨ ᠤ ᠰᠤᠷᠤᠬᠴᠢᠳ ᠱᠤᠭᠤᠮᠠᠯ᠂ ᠭᠠᠷ ᠤᠷᠠᠯᠠᠯ᠂ ᠤᠷᠠᠨ ᠬᠠᠳᠬᠤᠮᠠᠯ ᠵᠡᠷᠭᠡ ᠶᠢ ᠰᠤᠷᠬᠤ ᠦᠢᠯᠡᠳᠤᠯᠭᠡ ᠳᠤ ᠤᠷᠤᠯᠴᠠᠬᠤ ᠪᠠᠷ ᠲᠠᠮᠵᠢᠨ ᠡᠯᠪᠡᠭ ᠪᠠᠶᠠᠯᠢᠭ ᠦᠢᠯᠡᠳᠦᠯᠬᠡ ᠶᠢᠨ ᠦᠷ᠎ᠡ ᠪᠦᠳᠦᠬᠡᠯ ᠤᠯᠵᠦ᠂ ᠬᠠᠷᠠᠭ᠎ᠠ ᠪᠠᠨ ᠦᠷᠭᠡᠳᠬᠡᠵᠡᠢ᠃ ᠲᠠᠪᠤᠳᠤᠭᠠᠷ ᠤᠨ ᠤ ᠰᠤᠷᠤᠬᠴᠢᠳ ᠬᠢᠴᠢᠶᠡᠯ ᠤᠨ ᠲᠠᠩᠬᠢᠮ᠂ ᠬᠡᠷ ᠪᠦᠯᠢ᠂ ᠨᠡᠶᠢᠬᠡᠮ ᠤᠨ ᠬᠦᠳᠡᠯᠮᠦᠷᠢ ᠶᠢ ᠤᠷᠭᠠᠨᠢᠭ ᠢᠶᠠᠷ ᠤᠶᠠᠯᠳᠤᠭᠤᠯᠵᠦ᠂ ᠪᠠᠶᠠᠯᠢᠭ ᠰᠠᠶᠢᠬᠠᠨ ᠠᠵᠢᠯᠯᠠᠭ᠎ᠠ ᠪᠠᠷ ᠲᠠᠮᠵᠢᠨ ᠦᠢᠯᠡᠳᠦᠯᠬᠡ ᠳᠤ ᠲᠠᠪᠳᠠᠬᠳᠠᠵᠤ᠂ ᠪᠡᠶ᠎ᠡ ᠪᠠᠨ ᠲᠠᠭᠠᠭᠠᠨ ᠨᠢᠬᠡ ᠵᠦᠢᠯ ᠤᠨ ᠰᠡᠷᠢᠬᠦᠨ ᠨᠤᠭᠤᠭ᠎ᠠ᠂ ᠨᠢᠬᠡ ᠵᠦᠢᠯ ᠤᠨ ᠠᠮᠳᠠᠳᠤ ᠢᠳᠡᠬᠡᠨ ᠬᠢᠬᠦ ᠵᠡᠷᠭᠡ ᠬᠦᠳᠡᠯᠮᠦᠷᠢ ᠶᠢᠨ ᠡᠬᠦᠷᠭᠡ ᠶᠢ ᠪᠡᠶᠡᠯᠡᠬᠦᠯᠵᠦ᠂ ᠬᠦᠳᠡᠯᠮᠦᠷᠢ ᠶᠢᠨ ᠴᠢᠳᠠᠪᠦᠷᠢ ᠪᠠ ᠨᠡᠶᠢᠬᠡᠮ ᠤᠨ ᠬᠠᠷᠢᠭᠤᠴᠠᠯᠭᠠᠳᠤ ᠰᠡᠳᠬᠢᠯᠬᠡ ᠪᠠᠨ ᠨᠡᠮᠡᠭᠳᠡᠬᠦᠯᠪᠡ᠃ ᠵᠢᠷᠭᠤᠳᠤᠭᠠᠷ ᠤᠨ ᠤ ᠰᠤᠷᠤᠬᠴᠢᠳ ᠲᠠᠷᠢᠶᠠᠯᠠᠩ ᠤᠨ ᠪᠦᠳᠦᠭᠡᠭᠳᠡᠬᠦᠨ ᠤ ᠤᠷᠠᠯᠢᠭ ᠤᠨ ᠵᠢᠷᠤᠭ ᠲᠦᠯᠦᠪᠯᠡᠵᠤ ᠵᠢᠷᠤᠬᠤ ᠠᠷᠭ᠎ᠠ ᠪᠠᠷ ᠲᠠᠮᠵᠢᠨ ᠬᠦᠳᠡᠯᠮᠦᠷᠢ ᠶᠢᠨ ᠲᠤᠬᠠᠢ ᠤᠶᠢᠯᠠᠭᠠᠯᠳᠠ ᠪᠠᠨ ᠬᠦᠨᠵᠡᠬᠡᠶᠢᠷᠡᠬᠦᠯᠪᠡ᠃      ᠡᠬᠦᠨ ᠤ ᠬᠠᠮᠳᠤ᠂ ᠰᠤᠷᠭᠠᠭᠤᠯᠢ ᠶᠢᠨ ᠬᠦᠷᠢᠶᠡᠨ ᠤ ᠬᠦᠳᠡᠯᠮᠦᠷᠢ ᠪᠠᠷ ᠬᠦᠮᠦᠨ ᠬᠦᠮᠦᠵᠢᠬᠦᠯᠬᠦ ᠰᠤᠶᠤᠯ ᠢ ᠪᠤᠢ ᠪᠤᠯᠭᠠᠬᠤ ᠶᠢᠨ ᠲᠦᠯᠦᠬᠡ᠂ ᠰᠤᠷᠭᠠᠭᠤᠯᠢ ᠨᠢ ᠰᠤᠷᠤᠬᠴᠢ ᠶᠢᠨ ᠪᠤᠳᠠᠳᠤ ᠪᠠᠶᠢᠳᠠᠯ᠂ ᠰᠤᠷᠭᠠᠭᠤᠯᠢ ᠶᠢᠨ ᠡᠬᠢ ᠪᠡᠶᠠᠯᠢᠭ ᠂ ᠪᠠᠭᠰᠢ ᠶᠢᠨ ᠲᠤᠰᠬᠠᠢ ᠮᠡᠷᠬᠡᠵᠢᠯ ᠲᠠᠢ ᠤᠶᠠᠯᠳᠤᠭᠤᠯᠤᠨ ᠰᠤᠷᠭᠠᠭᠤᠯᠢ ᠶᠢᠨ ᠦᠪᠡᠷ ᠤᠨ ᠬᠦᠳᠡᠯᠮᠦᠷᠢ ᠶᠢᠨ ᠬᠢᠴᠢᠶᠡᠯ ᠢ ᠨᠡᠬᠡᠬᠡᠨ ᠬᠦᠭᠵᠢᠬᠦᠯᠵᠦ᠂ ᠬᠦᠳᠡᠯᠮᠦᠷᠢ ᠶᠢᠨ ᠲᠠᠳᠬᠠᠯ᠂ ᠬᠦᠳᠡᠯᠮᠦᠷᠢ ᠶᠢᠨ ᠬᠦᠮᠦᠵᠢᠯ ᠢ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠪᠠᠶᠢᠭᠤᠯᠤᠯᠳᠠ ᠳᠤ ᠠᠭᠤᠰᠬᠠᠨ ᠤᠷᠤᠭᠤᠯᠵᠦ᠂ ᠬᠦᠳᠡᠯᠮᠦᠷᠢ ᠶᠢᠨ ᠨᠡᠶᠢᠳᠡ ᠶᠢᠨ ᠬᠡᠷ᠎ᠡ᠂ ᠡᠳᠦᠷ ᠪᠦᠷᠢ ᠶᠢᠨ ᠬᠦᠳᠡᠯᠮᠦᠷᠢᠯᠡᠬᠦ ᠵᠤᠷᠰᠢᠯ᠂ ᠰᠤᠷᠤᠯᠭ᠎ᠠ ᠶᠢᠨ ᠬᠤᠭᠤᠴᠠᠭᠠᠨ ᠤ ᠬᠦᠳᠡᠯᠮᠦᠷᠢ ᠶᠢᠨ ᠡᠬᠦᠷᠭᠡ ᠶᠢᠨ ᠨᠠᠷᠢᠨ ᠲᠠᠩᠰᠠ ᠲᠤᠬᠳᠠᠭᠠᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠭᠤᠯᠤᠨ᠂ ᠰᠤᠷᠤᠬᠴᠢᠳ ᠢ ᠰᠤᠷᠭᠠᠭᠤᠯᠢ ᠶᠢᠨ ᠬᠦᠷᠢᠶᠡᠨ ᠤ ᠠᠮᠢᠳᠦᠷᠠᠯ ᠲᠤᠮᠳᠠ ᠰᠠᠶᠢᠨ ᠰᠠᠶᠢᠬᠠᠨ ᠬᠦᠳᠡᠯᠮᠤᠷᠢ ᠶᠢᠨ ᠲᠠᠳᠬᠠᠯ ᠲᠠᠢ ᠪᠤᠯᠭᠠᠵᠠᠢ᠃ ᠡᠬᠦᠨ ᠤ ᠬᠠᠮᠳᠤ᠂ ᠬᠦᠳᠡᠯᠮᠦᠷᠢ ᠶᠢᠨ ᠬᠦᠮᠦᠵᠢᠯ ᠲᠠᠢ ᠬᠤᠯᠪᠤᠬᠳᠠᠬᠤ ᠲᠤᠷ᠎ᠠ ᠰᠤᠨᠢᠷᠬᠠᠯ ᠤᠨ ᠲᠤᠭᠤᠶᠢᠯᠠᠩ᠂ ᠨᠡᠶᠢᠬᠡᠮ ᠤᠨ ᠪᠦᠯᠬᠦᠮ ᠤᠨ ᠠᠵᠢᠯᠯᠠᠭ᠎ᠠ ᠶᠢ ᠦᠷᠨᠢᠬᠦᠯᠵᠦ᠂ ᠮᠤᠳᠤ ᠵᠠᠶᠢᠯᠠᠬᠤ ᠪᠠᠶᠠᠷ᠂ ᠯᠸᠢ ᠹᠧᠩ ᠠᠴᠠ ᠲᠠᠭᠠᠨ ᠰᠤᠷᠤᠯᠴᠠᠬᠤ ᠲᠤᠷᠠᠰᠬᠠᠯ ᠤᠨ ᠡᠳᠦᠷ᠂ ᠲᠠᠪᠦᠨ ᠰᠠᠷ᠎ᠠ ᠶᠢᠨ ᠨᠢᠬᠡᠨ ᠤ ᠲᠡᠯᠡᠬᠡᠢ ᠶᠢᠨ ᠬᠦᠳᠡᠯᠮᠦᠷᠢᠴᠢᠳ ᠤᠨ ᠪᠠᠶᠠᠷ ᠵᠡᠷᠭᠡ ᠪᠠᠶᠠᠷ ᠤᠨ ᠡᠳᠦᠷ ᠲᠠᠢ ᠤᠶᠠᠯᠳᠤᠭᠤᠯᠤᠨ᠂ ᠡᠯᠪᠡᠭ ᠠᠭᠤᠯᠭ᠎ᠠ ᠪᠦᠬᠦᠢ ᠬᠦᠳᠡᠯᠮᠦᠷᠢ ᠶᠢᠨ ᠭᠤᠤᠯ ᠰᠡᠳᠤᠪᠳᠤ ᠬᠦᠮᠦᠵᠢᠯ ᠤᠨ ᠠᠵᠢᠯᠯᠠᠭ᠎ᠠ ᠦᠷᠨᠢᠬᠦᠯᠵᠦ᠂ ︽ᠬᠦᠳᠡᠯᠮᠦᠷᠢ ᠦᠡᠭᠭᠡ ᠬᠡᠷᠡᠯᠳᠡᠢ︾ ᠬᠡᠬᠦ ᠦᠵᠡᠯᠳᠡ ᠶᠢ ᠰᠤᠷᠤᠬᠴᠢᠳ ᠤᠨ ᠰᠡᠳᠬᠢᠯ ᠳᠤ ᠬᠠᠳᠠᠩᠰᠢᠭᠤᠯᠵᠦ᠂ ᠬᠦᠳᠡᠯᠮᠦᠷᠢ ᠪᠠᠷ ᠬᠦᠮᠦᠨ ᠢ ᠬᠦᠮᠦᠵᠢᠬᠦᠯᠭᠦ ᠦᠳᠬᠡᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠰᠠᠨ ᠪᠠᠶᠢᠨ᠎ᠠ᠃     ᠢᠨᠳᠡᠷ ᠲᠠᠬᠢ ᠨᠠᠢᠮᠠᠳᠤᠭᠠᠷ ᠪᠠᠭ᠎ᠠ ᠰᠤᠷᠭᠠᠭᠤᠯᠢ ᠬᠦᠳᠡᠯᠮᠦᠷᠢ ᠶᠢᠨ ᠬᠦᠮᠦᠵᠢᠯ ᠢ ᠲᠠᠰᠦᠷᠠᠯᠳᠠ ᠦᠬᠡᠢ ᠬᠦᠨᠵᠡᠬᠡᠶᠢᠷᠡᠬᠦᠯᠬᠦ ᠪᠠ ᠦᠢᠯᠡᠳᠦᠯᠬᠡᠵᠢᠬᠦᠯᠬᠦ ᠶᠢ ᠲᠠᠭᠠᠯᠳᠤᠨ᠂ ᠰᠤᠷᠤᠬᠴᠢᠳ ᠬᠦᠳᠡᠯᠮᠦᠷᠢ ᠶᠢᠨ ᠬᠦᠮᠦᠵᠢᠯ ᠳᠤ ᠤᠷᠤᠯᠴᠠᠬᠤ ᠶᠠᠪᠤᠴᠠ ᠳᠠᠭᠠᠨ ᠲᠡᠷᠢᠬᠢ ᠬᠦᠳᠡᠯᠭᠡᠨ ᠰᠡᠳᠬᠢᠬᠦ ᠪᠠ ᠭᠠᠷ ᠬᠦᠳᠡᠯᠭᠡᠬᠦ ᠴᠢᠳᠠᠪᠦᠷᠢ ᠪᠠᠨ ᠲᠡᠭᠡᠭᠰᠢᠯᠡᠬᠦᠯᠦᠭᠰᠡᠨ ᠢᠶᠠᠷ ᠪᠠᠷᠠᠬᠤ ᠦᠬᠡᠢ ᠪᠠᠰᠠ ᠠᠮᠢᠳᠦᠷᠠᠯ ᠤᠨ ᠬᠦᠴᠢᠷ ᠪᠡᠷᠬᠡᠰᠢᠶᠡᠯ ᠢ ᠤᠶᠢᠯᠠᠭᠠᠵᠦ᠂ ᠦᠪᠡᠷ ᠤᠨ ᠰᠤᠷᠤᠯᠴᠠᠯᠭ᠎ᠠ ᠪᠠ ᠠᠮᠢᠳᠦᠷᠠᠯ ᠢᠶᠠᠨ ᠨᠡᠩ ᠢᠯᠡᠬᠦᠦ ᠨᠠᠨᠳᠢᠩᠨᠠᠬᠤ ᠪᠤᠯᠵᠠᠢ᠃ ᠬᠤᠶᠢᠰᠢᠳᠡ᠂ ᠰᠤᠷᠭᠠᠭᠤᠯᠢ ᠠᠴᠠ ᠬᠢᠴᠢᠶᠠᠯ ᠤᠨ ᠲᠠᠩᠬᠢᠮ᠂ ᠦᠢᠯᠡᠳᠤᠯᠭᠡ ᠶᠢᠨ ᠠᠵᠢᠯᠯᠠᠭ᠎ᠠ ᠶᠢᠨ ᠠᠭᠤᠯᠭ᠎ᠠ ᠶᠢ ᠲᠠᠰᠦᠷᠠᠯᠳᠠ ᠦᠬᠡᠢ ᠪᠠᠶᠠᠯᠢᠬᠵᠢᠭᠤᠯᠵᠦ ᠂ ᠰᠤᠷᠤᠬᠴᠢᠳ ᠤᠨ ᠦᠪᠡᠷᠮᠢᠴᠡ ᠴᠢᠨᠠᠷ ᠤᠨ ᠬᠦᠭᠵᠢᠯᠳᠡ ᠪᠤᠯᠤᠨ ᠰᠤᠷᠤᠯᠴᠠᠬᠤ ᠤᠷᠮ᠎ᠠ ᠪᠠᠬ᠎ᠠ ᠶᠢ ᠬᠦᠨᠳᠦᠳᠭᠡᠵᠦ᠂ ᠰᠤᠷᠤᠬᠴᠢᠳ ᠤᠨ ᠬᠦᠳᠡᠯᠮᠦᠷᠢᠯᠡᠬᠦ ᠶᠢ ᠪᠠᠷᠢᠮᠳᠠᠯᠠᠵᠦ᠂ ᠬᠦᠳᠡᠯᠮᠦᠷᠢᠯᠡᠬᠦ ᠲᠠᠳᠬᠠᠯ ᠲᠠᠢ ᠪᠤᠯᠬᠤ ᠶᠢ ᠵᠤᠷᠢᠬᠵᠢᠭᠤᠯᠵᠦ᠂ ᠬᠡᠷ ᠪᠦᠯᠢ ᠰᠤᠷᠭᠠᠭᠤᠯᠢ ᠨᠡᠶᠢᠬᠡᠮ ᠬᠠᠮᠵᠢᠯᠴᠠᠬᠰᠠᠨ ᠬᠦᠮᠦᠨ ᠬᠦᠮᠦᠵᠢᠬᠦᠯᠬᠦ ᠦᠢᠯᠡᠳᠦᠯ ᠢ ᠦᠷᠬᠦᠯᠵᠢᠯᠡᠨ ᠪᠠᠳᠠᠷᠠᠭᠤᠯᠵᠦ᠂ ᠡᠷᠡᠬᠦᠯ ᠴᠢᠬᠢᠷᠠᠭ᠂ ᠪᠦᠬᠦ ᠲᠠᠯ᠎ᠠ ᠪᠠᠷ ᠬᠦᠭᠵᠢᠭᠰᠡᠨ ᠰᠢᠨ᠎ᠠ ᠴᠠᠭ ᠦᠶ᠎ᠡ ᠶᠢᠨ ᠨᠡᠶᠢᠬᠡᠮ ᠤᠨ ᠪᠦᠳᠦᠬᠡᠨ ᠪᠠᠶᠢᠭᠤᠯᠤᠬᠴᠢ ᠪᠤᠯᠤᠨ ᠵᠠᠯᠭᠠᠮᠵᠢᠯᠠᠬᠴᠢ ᠶᠢ ᠬᠦᠮᠤᠵᠢᠬᠦᠯᠬᠦ ᠪᠤᠯᠤᠨ᠎ᠠ᠃                                  ︵ᠰᠦᠨ ᠨᠠ      ᠬᠠᠨ᠎ᠠ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号