ᠲᠦᠷᠦᠯ ᠵᠦᠢᠯ ᠤᠨ ᠲᠣᠭᠤᠷᠢᠭ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/1/8
ᠡᠯ᠎ᠡ ᠰᠤᠮᠤ᠂ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄     ︽ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ ᠤᠨ ᠮᠡᠳᠡᠭᠳᠡᠯ︾ ᠶᠣᠰᠣᠭᠠᠷ ︵ᠥᠪᠥᠷ ᠵᠠᠰᠠᠭ ᠲᠠᠷᠬᠠᠭᠠᠭᠰᠠᠨ ﹇2022﹈ 21 ᠳ᠋ᠤᠭᠡᠷ ᠲᠣᠭᠠᠲᠤ︶᠂ ︽ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 51 ᠳ᠋ᠦᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠨᠡᠮᠡᠭᠳᠡᠯ ᠬᠤᠷᠤᠭᠳᠠᠯ ᠲᠠᠢ ᠨᠢ ᠬᠤᠯᠪᠣᠭᠳᠠᠭᠤᠯᠬᠤ  ᠲᠤᠬᠠᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠥᠪᠥᠷ ᠪᠠᠶᠢᠭᠠᠯᠢ ᠡᠬᠢ  ᠦᠰᠦᠭᠳᠣ ﹇2022﹈ 354 ᠳ᠋ᠤᠭᠡᠷ ᠲᠣᠭᠠᠲᠤ︶ ᠵᠡᠷᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠤᠰᠤᠭᠠᠷ᠂ ᠭᠠᠵᠠᠷ ᠰᠢᠷᠣᠢ ᠶᠢᠨ ᠡᠬᠢ ᠪᠠᠶᠠᠯᠢᠭ ᠤᠨ ᠳᠠᠪᠠᠭᠤᠯᠢᠭ ᠢ ᠦᠨᠡᠨ ᠬᠦ ᠪᠠᠳᠠᠷᠠᠭᠤᠯᠤᠨ᠂ ᠭᠠᠵᠠᠷ ᠰᠢᠷᠣᠢ ᠶᠢᠨ ᠡᠬᠢ ᠪᠠᠶᠠᠯᠢᠭ ᠤᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠤᠨ᠂ ᠭᠠᠵᠠᠷ ᠰᠢᠷᠣᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠲᠡᠭ ᠢ ᠪᠦᠲᠦᠮᠵᠢᠲᠡᠶ ᠬᠥᠭᠵᠢᠭᠡᠵᠦ᠂ ᠨᠡᠮᠡᠭᠳᠡᠯ ᠬᠤᠷᠤᠭᠳᠠᠯ ᠲᠠᠢ ᠨᠢ ᠬᠤᠯᠪᠣᠭᠳᠠᠭᠤᠯᠬᠤ ᠲᠥᠷᠥᠯ ᠵᠦᠢᠯ᠂ ᠲᠠᠷᠢᠶᠠᠨ ᠭᠠᠵᠠᠷ ᠢ ᠨᠥᠬᠦᠪᠦᠷᠢᠯᠡᠬᠦ ᠬᠥᠮᠥᠷᠭᠡ ᠶᠢᠨ ᠲᠥᠷᠥᠯ ᠵᠦᠢᠯ᠂ ᠤᠰᠤᠨ ᠲᠠᠷᠢᠶᠠᠨ ᠤ ᠬᠡᠪᠴᠢᠶ᠎ᠡ ᠶᠢᠨ ᠭᠦᠢᠴᠡᠳᠬᠡᠯ ᠲᠤᠭ᠎ᠠ ᠶᠢᠨ ᠲᠥᠷᠥᠯ ᠵᠦᠢᠯ ᠤᠨ ᠬᠠᠮᠢᠶᠠᠷᠤᠯᠲᠠ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ ᠡᠳᠦᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠣᠣᠷᠠᠬᠢ ᠮᠡᠲᠦ ᠮᠡᠳᠡᠭᠳᠡᠶ᠎ᠡ᠃    ᠨᠢᠭᠡ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠡᠮᠡᠭᠳᠡᠯ ᠬᠤᠷᠤᠭᠳᠠᠯ ᠲᠠᠢ ᠨᠢ ᠬᠤᠯᠪᠣᠭᠳᠠᠭᠤᠯᠬᠤ ᠲᠥᠷᠥᠯ ᠵᠦᠢᠯ᠂ ᠲᠠᠷᠢᠶᠠᠨ ᠭᠠᠵᠠᠷ ᠢ ᠨᠥᠬᠦᠪᠦᠷᠢᠯᠡᠬᠦ ᠬᠥᠮᠥᠷᠭᠡ ᠶᠢᠨ ᠲᠥᠷᠥᠯ ᠵᠦᠢᠯ᠂ ᠤᠰᠤᠨ ᠲᠠᠷᠢᠶᠠᠨ ᠤ ᠬᠡᠪᠴᠢᠶ᠎ᠡ ᠶᠢᠨ ᠭᠦᠢᠴᠡᠳᠬᠡᠯ ᠲᠤᠭ᠎ᠠ ᠶᠢᠨ ᠲᠥᠷᠥᠯ ᠵᠦᠢᠯ ᠤᠨ ᠠᠵᠢᠯ ᠤᠨ ᠶᠡᠷᠦᠩᠬᠡᠢ ᠲᠣᠬᠢᠷᠠᠭᠤᠯᠤᠯᠲᠠ ᠶᠢ ᠬᠠᠷᠢᠭᠤᠴᠠᠵᠤ᠂ ᠲᠥᠷᠥᠯ ᠵᠦᠢᠯ ᠢ ᠰᠢᠯᠭᠠᠨ ᠠᠪᠬᠤ ᠪᠠᠷ ᠳᠡᠮᠵᠢᠨ ᠬᠥᠮᠥᠷᠭᠡ ᠳᠤ ᠣᠷᠣᠭᠤᠯᠤᠭᠰᠠᠨ ᠤ ᠳᠠᠷᠠᠭ᠎ᠠ᠂ ᠪᠠᠷᠢᠯᠭ᠎ᠠ ᠶᠢᠨ ᠲᠦᠭᠦᠭᠡᠷᠤᠮᠵᠢ᠂ ᠲᠥᠷᠥᠯ ᠵᠦᠢᠯ ᠤᠨ ᠲᠣᠭᠤᠷᠢᠭ ᠤᠨ ᠪᠠᠶᠢᠷᠢᠰᠢᠯ ᠴᠡᠭ᠂ ᠵᠢᠷᠤᠭ ᠳᠦᠷᠰᠦ ᠶᠢ ᠬᠠᠷᠢᠶ᠎ᠠ ᠣᠷᠣᠨ ᠤ ᠵᠠᠰᠠᠭ ᠤᠨ ᠣᠷᠳᠣᠨ᠂ ᠬᠤᠰᠢᠭᠤᠨ ᠤ ᠲᠠᠷᠢᠶᠠᠯᠠᠩ ᠤᠨ ᠦᠢᠯᠡᠰ ᠤᠨ ᠬᠥᠭᠵᠢᠯᠲᠡ ᠶᠢᠨ ᠲᠥᠪ ᠲᠤ ᠴᠠᠭ ᠲᠤᠬᠠᠢ ᠳᠤᠨᠢ ᠰᠢᠯᠵᠢᠭᠦᠯᠦᠨ ᠲᠤᠰᠢᠶᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠠᠲᠤᠯᠠᠬᠤ ᠶᠢᠨ ᠬᠠᠮᠲᠤ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠵᠥᠪᠯᠡᠯᠴᠡᠭᠡᠷ ᠲᠤ ᠭᠠᠷ ᠤᠨ ᠥᠰᠥᠭ ᠵᠢᠷᠤᠨ᠎ᠠ᠃    ᠬᠤᠶᠠᠷ᠂ ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠡᠮᠡᠭᠳᠡᠯ ᠬᠤᠷᠤᠭᠳᠠᠯ ᠲᠠᠢ ᠨᠢ ᠬᠤᠯᠪᠣᠭᠳᠠᠭᠤᠯᠬᠤ ᠲᠥᠷᠥᠯ ᠵᠦᠢᠯ᠂ ᠲᠠᠷᠢᠶᠠᠨ ᠭᠠᠵᠠᠷ ᠢ ᠨᠥᠬᠦᠪᠦᠷᠢᠯᠡᠬᠦ ᠬᠥᠮᠥᠷᠭᠡ ᠶᠢᠨ ᠲᠥᠷᠥᠯ ᠵᠦᠢᠯ᠂ ᠤᠰᠤᠨ ᠲᠠᠷᠢᠶ᠎ᠠ ᠶᠢᠨ ᠬᠡᠪᠴᠢᠶ᠎ᠡ ᠶᠢᠨ ᠭᠦᠢᠴᠡᠳᠬᠡᠯ ᠲᠤᠭ᠎ᠠ ᠶᠢᠨ ᠲᠥᠷᠥᠯ ᠵᠦᠢᠯ ᠤᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠲᠣᠭᠤᠷᠢᠭ ᠲᠤ ᠤᠨᠴᠠᠭᠠᠢ ᠬᠠᠮᠠᠭᠠᠯᠠᠯᠲᠠ ᠶᠢ ᠬᠡᠷᠡᠭᠵᠢᠭᠦᠯᠦᠨ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠦᠭᠦᠭᠡᠷᠤᠮᠵᠢ᠂ ᠣᠶ ᠰᠢᠭᠤᠢ ᠶᠢ ᠪᠢᠳᠡᠭᠦᠮᠵᠢᠯᠡᠬᠦ ᠲᠣᠣᠷ᠂ ᠵᠠᠮ ᠵᠡᠷᠭᠡ ᠰᠠᠭᠤᠷᠢ ᠲᠦᠭᠦᠭᠡᠷᠤᠮᠵᠢ ᠶᠢᠨ ᠪᠦᠷᠢᠨ ᠪᠦᠲᠦᠨ ᠪᠠᠶᠢᠬᠤ ᠶᠢ ᠦᠨᠡᠨ ᠬᠦ ᠪᠠᠲᠤᠯᠠᠵᠤ᠂ ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ ᠠᠰᠢᠭᠯᠠᠬᠤ ᠶᠢ ᠪᠠᠲᠤᠯᠠᠵᠤ᠂ ︽ᠠᠮᠤ ᠪᠤᠳᠠᠭᠠᠨ ᠤ ᠪᠤᠰᠤ ᠲᠠᠷᠢᠮᠠᠯ ᠲᠠᠷᠢᠬᠤ︾ ᠶᠢ ᠴᠢᠩᠭ᠎ᠠ ᠴᠠᠭᠠᠵᠠᠯᠠᠨ᠂ ᠠᠲᠠᠷᠰᠢᠬᠤ᠂ ᠡᠪᠳᠡᠬᠦ ᠵᠡᠷᠭᠡ ᠶᠢ ᠰᠡᠷᠭᠡᠶᠢᠯᠡᠨ᠎ᠡ᠃     ᠭᠤᠷᠪᠠ᠂ ᠬᠤᠰᠢᠭᠤᠨ ᠤ ᠲᠠᠷᠢᠶᠠᠯᠠᠩ ᠤᠨ ᠦᠢᠯᠡᠰ ᠤᠨ ᠬᠥᠭᠵᠢᠯᠲᠡ ᠶᠢᠨ ᠲᠥᠪ ᠨᠢᠭᠡᠨᠲᠡ ᠬᠥᠮᠥᠷᠭᠡ ᠳᠤ ᠣᠷᠣᠭᠤᠯᠤᠭᠰᠠᠨ ᠨᠡᠮᠡᠭᠳᠡᠯ ᠬᠤᠷᠤᠭᠲᠠᠯ ᠲᠠᠢ ᠨᠢ ᠬᠤᠯᠪᠣᠭᠳᠠᠭᠤᠯᠬᠤ ᠲᠥᠷᠥᠯ ᠵᠦᠢᠯ᠂ ᠲᠠᠷᠢᠶᠠᠨ ᠭᠠᠵᠠᠷ ᠢ ᠨᠥᠬᠦᠪᠦᠷᠢᠯᠡᠬᠦ ᠬᠥᠮᠥᠷᠭᠡ ᠶᠢᠨ ᠲᠥᠷᠥᠯ ᠵᠦᠢᠯ᠂ ᠤᠰᠤᠨ ᠲᠠᠷᠢᠶᠠᠨ ᠤ ᠬᠡᠪᠴᠢᠶ᠎ᠡ ᠶᠢᠨ ᠭᠦᠢᠴᠡᠳᠬᠡᠯ ᠲᠤᠭ᠎ᠠ ᠶᠢᠨ ᠲᠥᠷᠥᠯ ᠵᠦᠢᠯ ᠢ ᠲᠤᠬᠠᠢ ᠶᠢᠨ ᠭᠠᠵᠠᠷ ᠲᠤᠨᠢ ᠲᠣᠭᠤᠷᠢᠨ ᠪᠠᠶᠢᠴᠠᠭᠠᠵᠤ᠂ ᠪᠠᠷᠢᠯᠭ᠎ᠠ ᠶᠢᠨ ᠲᠦᠭᠦᠭᠡᠷᠤᠮᠵᠢ ᠶᠢᠨ ᠬᠠᠮᠢᠶᠠᠷᠤᠯᠲᠠ ᠬᠠᠮᠠᠭᠠᠯᠠᠯᠲᠠ᠂ ᠲᠠᠷᠢᠶᠠᠨ ᠭᠠᠵᠠᠷ ᠤᠨ ᠠᠰᠢᠭᠯᠠᠯᠲᠠ ᠶᠢᠨ ᠣᠳᠣᠬᠢ ᠪᠠᠶᠢᠳᠠᠯ ᠵᠡᠷᠭᠡ ᠪᠠᠶᠢᠳᠠᠯ ᠢ ᠪᠠᠶᠢᠴᠠᠭᠠᠨ ᠦᠵᠡᠬᠦ ᠠᠵᠢᠯ ᠢ ᠬᠠᠷᠢᠭᠤᠴᠠᠨ᠎ᠠ᠃ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠵᠣᠬᠢᠶᠠᠨ  ᠪᠠᠶᠢᠭᠤᠯᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠱᠠᠯᠠᠪᠳᠠᠨ ᠱᠠᠭᠠᠷᠳᠠᠨ᠎ᠠ᠃                                2023 ᠣᠨ ᠤ 6 ᠰᠠᠷ᠎ᠠ ᠶᠢᠨ 16 ᠤ ᠡᠳᠣᠷ
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号