ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠲᠤ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠬᠦ ᠲᠤᠬᠠᠢ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/1/8
    ᠵᠠᠯᠠᠶᠢᠳ ᠵᠠᠰᠠᠭ ᠠᠯᠪᠠᠨ ᠦᠰᠦᠭᠳᠣ ﹇2023﹈ 22 ᠳ᠋ᠤᠭᠠᠷ ᠲᠣᠭᠠᠲᠤ ᠡᠯ᠎ᠡ ᠰᠤᠮᠤ᠂ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄     ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠦᠪᠰᠢᠨ ᠢ ᠲᠦᠷᠭᠡᠳᠭᠡᠨ ᠳᠡᠭᠡᠭᠰᠢᠯᠡᠭᠦᠯᠬᠦ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠩᠭᠠᠨ ᠠᠶᠢᠮᠠᠭ ᠤᠨ ᠬᠤᠷᠢᠶ᠎ᠠ ᠶᠢᠨ ᠠᠯᠪᠠᠨ ᠭᠡᠷ ᠂ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ︿ᠬᠢᠩᠭᠠᠨ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2022 ︱ 2025 ᠣᠨ︶﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠠᠯᠪᠠᠨ ᠲᠠᠷᠬᠠᠭᠠᠭᠰᠠᠨ ﹇2022﹈ 16 ᠳ᠋ᠤᠭᠠᠷ ᠲᠣᠭᠠᠲᠤ︶᠂ ︽ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠬᠦ ᠲᠤᠬᠠᠢ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ︾ ︵ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2023﹈ 30 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠤᠰᠤᠭᠠᠷ᠂ ︽︿ᠵᠠᠯᠠᠶᠢᠳ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2022 ︱ 2025 ᠣᠨ︶﹀ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠠᠯᠪᠠᠨ ᠲᠠᠷᠬᠠᠭᠠᠭᠰᠠᠨ ﹇2022﹈ 33 ᠳ᠋ᠤᠭᠠᠷ ᠲᠣᠭᠠᠲᠤ︶ ᠲᠠᠢ ᠤᠶᠠᠯᠳᠤᠭᠤᠯᠤᠨ᠂ ᠮᠠᠨ ᠤ ᠬᠤᠰᠢᠭᠤᠨ ᠤ ᠪᠣᠳᠠᠲᠠᠢ ᠳᠤ ᠰᠠᠭᠤᠷᠢᠯᠠᠨ᠂ ᠡᠳᠦᠭᠡ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠣᠣᠷᠠᠬᠢ ᠮᠡᠲᠦ ᠮᠡᠳᠡᠭᠳᠡᠶ᠎ᠡ᠃     ᠨᠢᠭᠡ᠂ ᠡᠭᠦᠷᠭᠡ ᠬᠠᠷᠠᠯᠲᠠ     7 ᠰᠠᠷ᠎ᠠ ᠶᠢᠨ 1 ᠤ ᠡᠳᠦᠷ ᠠᠴᠠ ᠡᠬᠢᠯᠡᠨ᠂ 100 ᠡᠳᠦᠷ ᠤᠨ ᠴᠠᠭ ᠢ ᠠᠰᠢᠭᠯᠠᠵᠤ᠂ ᠪᠥᠬᠦ ᠬᠤᠰᠢᠭᠤᠨ ᠤ ᠢᠨᠳᠡᠷ ᠪᠠᠯᠭᠠᠰᠤ ᠠᠴᠠ ᠪᠤᠰᠤᠳ ᠡᠯ᠎ᠡ ᠰᠤᠮᠤ ᠰᠢᠶᠠᠩ ᠪᠠᠯᠭᠠᠰᠤ ︵ᠡᠭᠦᠯᠳᠡᠷ ᠤᠨ ᠮᠠᠯ ᠢ ᠦᠷᠡᠵᠢᠭᠦᠯᠬᠦ ᠲᠥᠪ︶ ᠶᠢᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠵᠦ᠂ ︽ᠲᠥᠪᠯᠡᠷᠡᠭᠦᠯᠦᠨ ᠴᠡᠭᠴᠡᠯᠡᠨ ᠵᠠᠰᠠᠬᠤ᠂ ᠵᠢᠷᠤᠮᠵᠢᠭᠤᠯᠤᠨ ᠬᠥᠲᠥᠯᠥᠨ ᠵᠢᠯᠤᠭᠤᠳᠬᠤ᠂ ᠳᠦᠷᠢᠮ ᠲᠣᠭᠲᠠᠭᠠᠯ ᠲᠣᠭᠲᠠᠭᠠᠬᠤ᠂ ᠪᠠᠶᠢᠩᠭᠤ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ︾ ᠠᠵᠢᠯ ᠤᠨ ᠰᠡᠳᠬᠢᠮᠵᠢ ᠶᠣᠰᠣᠭᠠᠷ᠂ ᠪᠣᠳᠠᠲᠠᠢ ᠳᠤ ᠰᠠᠭᠤᠷᠢᠯᠠᠨ᠂ ᠪᠥᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ ᠣᠷᠣᠰᠢᠵᠤ ᠪᠠᠶᠢᠭ᠎ᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠣᠪᠣᠶᠢᠮ᠎ᠠ ᠠᠰᠠᠭᠤᠳᠠᠯ ᠢ ᠪᠦᠲᠦᠮᠵᠢᠲᠡᠶ ᠵᠠᠰᠠᠵᠤ᠂ ᠣᠷᠴᠢᠨ ᠲᠣᠭᠤᠷᠢᠨ ᠴᠡᠪᠡᠷ ᠲᠡᠭᠰᠢ᠂ ᠬᠠᠮᠢᠶᠠᠷᠤᠯᠲᠠ ᠡᠮᠬᠢ ᠵᠢᠷᠤᠮ ᠲᠠᠢ᠂ ᠡᠶ᠎ᠡ ᠵᠣᠬᠢᠴᠠᠯ ᠲᠠᠢ ᠭᠤᠶᠢᠳᠠ ᠰᠠᠶᠢᠬᠠᠨ ᠣᠷᠣᠰᠢᠨ ᠰᠠᠭᠤᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃     ᠬᠤᠶᠠᠷ᠂ ᠠᠵᠢᠯ   ᠤᠨ ᠵᠠᠷᠴᠢᠮ     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠥᠬᠦ ᠬᠤᠰᠢᠭᠤᠨ ᠤ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠲᠤ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠬᠦ ᠪᠠ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ︔ ᠡᠯ᠎ᠡ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠣᠰ ᠭᠠᠵᠠᠷ ᠣᠷᠣᠨ ᠤ ᠵᠠᠭᠤᠨ ᠡᠳᠦᠷ ᠤᠨ  ᠪᠣᠭᠤᠮᠲᠠ ᠰᠢᠪᠲᠤᠯᠬᠤ ᠠᠵᠢᠯᠯᠠᠭ᠎ᠠ ᠶᠢ ᠪᠣᠳᠠᠲᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃     ᠭᠤᠷᠪᠠ᠂ ᠴᠡᠭᠴᠡᠯᠡᠨ ᠵᠠᠰᠠᠬᠤ ᠠᠭᠤᠯᠭ᠎ᠠ     ︵ᠨᠢᠭᠡ︶ ᠣᠷᠴᠢᠨ ᠲᠣᠭᠤᠷᠢᠨ ᠨᠢ ᠴᠡᠪᠡᠷ ᠲᠡᠭᠰᠢ ᠪᠠᠶᠢᠬᠤ ᠬᠡᠷᠡᠭᠳᠡᠢ᠃ ᠰᠤᠮᠤ ᠰᠢᠶᠠᠩ ᠪᠠᠯᠭᠠᠰᠤ ︵ᠡᠭᠦᠯᠳᠡᠷ ᠤᠨ ᠮᠠᠯ ᠢ ᠦᠷᠡᠵᠢᠭᠦᠯᠬᠦ ᠲᠥᠪ︶ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠡᠪᠴᠢᠶᠡᠨ ᠳᠠᠬᠢ ᠡᠯ᠎ᠡ ᠲᠥᠷᠥᠯ ᠤᠨ ᠬᠤᠭ ᠨᠣᠪᠰᠢ ᠬᠠᠶᠠᠭᠳᠠᠮᠠᠯ ᠪᠣᠳᠠᠰ ᠢ ᠪᠥᠬᠦ ᠲᠠᠯ᠎ᠠ ᠪᠠᠷ ᠴᠡᠪᠡᠷᠯᠡᠨ᠎ᠡ᠃ ᠶᠡᠭᠡ ᠵᠡᠭᠡᠯᠢ ᠪᠠᠭ᠎ᠠ ᠭᠤᠳᠤᠮᠵᠢ ᠶᠢ ᠴᠠᠭ ᠲᠤᠬᠠᠢ ᠳᠤᠨᠢ ᠴᠡᠪᠡᠷᠯᠡᠵᠦ᠂ ᠵᠠᠮ ᠤᠨ ᠭᠠᠳᠠᠷᠭᠤ ᠳᠠᠬᠢ ᠠᠷᠢᠭᠤᠨ ᠴᠡᠪᠡᠷ ᠢ ᠪᠠᠲᠤᠯᠠᠨ᠎ᠠ᠃ ᠬᠤᠭ ᠨᠣᠪᠰᠢ ᠶᠢᠨ ᠰᠠᠪᠠ ᠵᠢᠴᠢ ᠬᠤᠭ ᠨᠣᠪᠰᠢ ᠶᠢ ᠬᠤᠷᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠴᠡᠭ ᠢ ᠵᠦᠢ ᠵᠣᠬᠢᠰᠲᠠᠢ ᠪᠠᠶᠢᠷᠢᠯᠠᠭᠤᠯᠵᠤ᠂ ᠡᠯ᠎ᠡ ᠲᠥᠷᠥᠯ ᠤᠨ ᠠᠮᠢᠳᠤᠷᠠᠯ᠂ ᠪᠠᠷᠢᠯᠭ᠎ᠠ ᠶᠢᠨ ᠬᠤᠭ ᠨᠣᠪᠰᠢ ᠶᠢ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠬᠦ ᠬᠡᠷᠡᠭᠲᠡᠢ᠃ ᠠᠮᠢᠳᠤᠷᠠᠯ ᠤᠨ ᠪᠣᠬᠢᠷ ᠤᠰᠤ ᠶᠢ ᠳᠤᠷ᠎ᠠ ᠪᠠᠷ ᠢᠶᠠᠨ ᠭᠠᠳᠠᠭᠰᠢᠯᠠᠭᠤᠯᠵᠤ ᠳᠤᠷ᠎ᠠ ᠪᠠᠷ ᠢᠶᠠᠨ ᠲᠠᠯᠪᠢᠬᠤ ᠶᠢ ᠵᠠᠰᠠᠵᠤ᠂ ᠭᠤᠤ ᠰᠤᠪᠠᠭ ᠭᠤᠣᠯ ᠮᠥᠷᠡᠨ ᠤ ᠣᠷᠣᠰᠬᠠᠯ ᠶᠢᠨ ᠵᠠᠮ ᠢ ᠲᠣᠭᠲᠠᠮᠠᠯ ᠬᠤᠭᠤᠴᠠᠭ᠎ᠠ ᠲᠠᠢ ᠵᠠᠰᠠᠵᠤ᠂ ᠨᠡᠶᠢᠲᠡ ᠶᠢᠨ ᠵᠣᠷᠯᠣᠩ ᠢ ᠵᠣᠬᠢᠰᠲᠠᠢ ᠲᠣᠬᠢᠷᠠᠭᠤᠯᠵᠤ ᠠᠷᠢᠭᠤᠨ ᠴᠡᠪᠡᠷ ᠪᠠᠶᠢᠬᠤ ᠶᠢ ᠪᠠᠲᠤᠯᠠᠨ᠎ᠠ᠃     ︵ᠬᠤᠶᠠᠷ︶ ᠬᠠᠮᠢᠶᠠᠷᠤᠯᠲᠠ ᠶᠢ ᠵᠢᠷᠤᠮᠵᠢᠭᠤᠯᠤᠨ᠎ᠠ᠃ ᠵᠡᠭᠡᠯᠢ ᠳᠠᠭᠠᠤ ᠶᠢᠨ ᠬᠤᠳᠠᠯᠳᠤᠭᠠᠨ ᠤ ᠡᠷᠦᠬᠡ᠂ ᠴᠤᠭᠯᠠᠭ᠎ᠠ ᠮᠠᠶᠢᠮᠠᠢ ᠶᠢ ᠳᠤᠷ᠎ᠠ ᠪᠠᠷ ᠢᠶᠠᠨ ᠳᠡᠯᠭᠡᠵᠦ ᠳᠤᠷ᠎ᠠ ᠪᠠᠷ ᠢᠶᠠᠨ ᠲᠠᠯᠪᠢᠬᠤ ᠶᠢ ᠴᠢᠩᠭ᠎ᠠ ᠵᠠᠰᠠᠨ᠎ᠠ᠃ ᠡᠪᠳᠡᠷᠬᠡᠢ ᠬᠠᠭᠤᠴᠢᠨ ᠫᠠᠶᠢᠰᠠ ᠢᠯᠡᠷᠬᠡᠶᠢᠯᠡᠯ᠂ ᠳᠦᠷᠢᠮ ᠠᠴᠠ ᠵᠥᠷᠢᠴᠡᠭᠰᠡᠨ ᠪᠠᠷᠢᠯᠭ᠎ᠠ᠂ ᠡᠮᠬᠢ ᠵᠠᠮᠪᠠᠷᠠᠭ᠎ᠠ ᠦᠭᠡᠢ ᠵᠠᠮ ᠱᠤᠭᠤᠮ᠂ ᠡᠪᠳᠡᠷᠬᠡᠢ ᠬᠡᠷᠡᠮ ᠵᠡᠷᠭᠡ ᠶᠢ ᠴᠠᠭ ᠲᠤᠬᠠᠢ ᠳᠤᠨᠢ ᠴᠡᠪᠡᠷᠯᠡᠬᠦ ᠬᠡᠷᠡᠭᠲᠡᠢ᠃ ᠲᠡᠷᠭᠡ ᠵᠣᠭᠰᠤᠭᠠᠬᠤ ᠣᠷᠣᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠡᠷᠭᠡ ᠵᠣᠭᠰᠤᠭᠠᠬᠤ ᠣᠷᠣᠨ ᠪᠠᠶᠢᠷᠢ ᠶᠢ ᠨᠡᠮᠡᠨ ᠪᠠᠶᠢᠭᠤᠯᠵᠤ᠂ ᠵᠡᠭᠡᠯᠢ ᠳᠠᠭᠠᠤ ᠲᠡᠷᠭᠡ ᠬᠥᠰᠬᠡ ᠵᠣᠭᠰᠤᠭᠠᠬᠤ ᠶᠢ ᠪᠦᠲᠦᠮᠵᠢᠲᠡᠶ ᠪᠠᠷ ᠵᠢᠷᠤᠮᠵᠢᠭᠤᠯᠤᠨ᠎ᠠ᠃ ︽ᠡᠭᠦᠳᠡᠨ ᠡᠮᠦᠨᠡᠬᠢ ᠲᠠᠪᠤᠨ ᠳᠠᠭᠠᠭᠠᠴᠢᠯᠠᠯᠲᠠ︾ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠪᠠᠯᠭᠠᠰᠤ ᠲᠣᠭᠤᠷᠢᠭ ᠵᠡᠭᠡᠯᠢ ᠭᠤᠳᠤᠮᠵᠢ ᠶᠢᠨ ︽ᠵᠠᠮ ᠤᠨ ᠳᠠᠷᠤᠭ᠎ᠠ ᠶᠢᠨ ᠳᠦᠷᠢᠮ︾ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠵᠡᠭᠡᠯᠢ ᠭᠤᠳᠤᠮᠵᠢ᠂ ᠣᠷᠣᠨ ᠪᠦᠰᠡ ᠬᠤᠪᠢᠶᠠᠨ ᠬᠥᠮᠥᠨ ᠪᠠ ᠠᠵᠢᠯ ᠤᠨ ᠪᠠᠶᠢᠷᠢ ᠪᠠ ᠬᠠᠷᠢᠭᠤᠴᠠᠯᠭ᠎ᠠ ᠶᠢ ᠲᠣᠭᠲᠠᠭᠠᠵᠤ᠂ ᠬᠠᠷᠢᠭᠤᠴᠠᠯᠭ᠎ᠠ ᠨᠢ ᠲᠣᠳᠣᠷᠬᠠᠢ᠂ ᠵᠣᠬᠢᠴᠠᠩᠭᠤᠢ ᠪᠥᠭᠡᠳ ᠡᠮᠬᠢ ᠵᠢᠷᠤᠮ ᠲᠠᠢ᠂ ᠬᠢᠨᠠᠯᠲᠠ ᠬᠠᠮᠢᠶᠠᠷᠤᠯᠲᠠ ᠨᠢ ᠬᠦᠴᠦᠲᠡᠢ ᠵᠡᠭᠡᠯᠢ ᠲᠣᠭᠤᠷᠢᠭ ᠤᠨ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃    ︵ᠭᠤᠷᠪᠠ︶ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠨᠣᠭᠤᠭᠠᠷᠠᠭᠤᠯᠬᠤ᠂ ᠭᠤᠶᠣᠵᠢᠭᠤᠯᠬᠤ᠂ ᠭᠡᠷᠡᠯᠲᠦᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠭᠤᠤᠯ ᠵᠡᠭᠡᠯᠢ ᠲᠣᠭᠤᠷᠢᠭ ᠤᠨ ᠬᠤᠶᠠᠷ ᠬᠠᠵᠠᠭᠤ᠂ ᠭᠤᠣᠯ ᠵᠠᠮ ᠳᠠᠭᠠᠤ᠂ ᠰᠤᠯᠠ ᠪᠠᠶᠢᠬᠤ ᠭᠠᠵᠠᠷ ᠰᠢᠷᠣᠢ ᠪᠠᠷ ᠭᠤᠣᠯᠳᠠᠯᠭ᠎ᠠ ᠪᠣᠯᠭᠠᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠥᠷᠨᠢᠭᠦᠯᠵᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠭᠤᠶᠣᠵᠢᠭᠤᠯᠤᠨ᠎ᠠ᠃ ᠭᠤᠤᠯ ᠲᠠᠯᠠᠪᠠᠢ᠂ ᠦᠵᠡᠮᠤᠷᠢ ᠵᠡᠷᠭᠡ ᠲᠥᠬᠦᠭᠡᠷᠦᠮᠵᠢ ᠶᠢ ᠬᠠᠮᠠᠭᠠᠯᠠᠨ ᠲᠡᠭᠦᠯᠳᠡᠷᠵᠢᠭᠦᠯᠦᠨ᠎ᠡ᠃     ᠳᠥᠷᠪᠡ᠂ ᠠᠵᠢᠯ ᠤᠨ ᠠᠯᠬᠤᠮ ᠳᠠᠷᠠᠭ᠎ᠠ     ︵ᠨᠢᠭᠡ︶ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ︵7 ᠳ᠋ᠤᠭᠠᠷ ᠰᠠᠷ᠎ᠠ ᠶᠢᠨ 1 ᠤ ᠡᠳᠦᠷ ᠠᠴᠠ 7 ᠳ᠋ᠤᠭᠠᠷ ᠰᠠᠷ᠎ᠠ ᠶᠢᠨ 31 ᠤ ᠡᠳᠦᠷ ᠪᠤᠯᠳᠠᠯ᠎ᠠ ᠶᠠᠪᠤᠭᠳᠠᠨ᠎ᠠ︶     ᠡᠯ᠎ᠡ ᠭᠠᠵᠠᠷ ᠤᠨ ᠬᠢᠨ ᠲᠠᠶᠢᠴᠢᠯᠠᠨ ᠪᠠᠶᠢᠷᠢᠯᠠᠭᠤᠯᠵᠤ᠂ ᠤᠯᠠᠨ ᠲᠦᠮᠡᠨ᠂ ᠺᠠᠳ᠋ᠷ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠢ ᠶᠢ ᠭᠦᠢᠴᠡᠳ ᠲᠠᠶᠢᠴᠢᠯᠠᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠭᠤᠯᠵᠤ᠂ ᠴᠠᠭ ᠬᠤᠭᠤᠴᠠᠭ᠎ᠠ ᠪᠠ ᠬᠦᠴᠦᠨ ᠢ ᠲᠥᠪᠯᠡᠷᠡᠭᠦᠯᠵᠦ᠂ ᠤᠯᠠᠨ ᠶᠠᠩᠵᠤ ᠶᠢᠨ ᠬᠡᠯᠪᠡᠷᠢ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠳᠲᠡᠷ ᠲᠦᠷᠭᠡᠨ ᠥᠷᠨᠢᠭᠦᠯᠵᠦ᠂ ᠣᠷᠴᠢᠨ ᠲᠣᠭᠤᠷᠢᠨ ᠤ ︽ᠪᠣᠬᠢᠷᠲᠤᠯ᠂ ᠰᠠᠮᠠᠭᠤᠷᠠᠯ᠂ ᠠᠨᠠᠢ︾ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠨ᠎ᠠ᠃     ︵ᠬᠤᠶᠠᠷ︶ ᠪᠠᠬᠢᠵᠢᠭᠦᠯᠦᠨ ᠳᠡᠭᠡᠭᠰᠢᠯᠡᠭᠦᠯᠬᠦ ᠱᠠᠲᠤ ᠦᠶ᠎ᠡ ︵8 ᠳ᠋ᠤᠭᠠᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 8 ᠤ ᠡᠳᠦᠷ ᠪᠣᠯᠲᠠᠯ᠎ᠠ ᠶᠠᠪᠤᠭᠳᠠᠨ᠎ᠠ  ︶     ᠡᠯ᠎ᠡ ᠭᠠᠵᠠᠷ ᠤᠨ ᠬᠢᠨ ᠲᠤᠰᠬᠠᠢ ᠠᠵᠢᠯᠯᠠᠭ᠎ᠠ ᠶᠢᠨ ᠬᠠᠷᠠᠯᠲᠠ ᠡᠭᠦᠷᠭᠡ ᠪᠠ ᠡᠮᠦᠨᠡᠬᠢ ᠬᠤᠭᠤᠴᠠᠭᠠᠨ ᠤ ᠥᠷᠨᠢᠭᠦᠯᠦᠭᠰᠡᠨ ᠪᠠᠶᠢᠳᠠᠯ ᠢᠶᠠᠨ ᠦᠨᠳᠦᠰᠦᠯᠡᠨ ᠥᠪᠡᠷ ᠤᠨ ᠪᠠᠶᠢᠴᠠᠭᠠᠯᠲᠠ ᠬᠢᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤᠨ ᠳᠤ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠵᠦᠢᠯᠡᠰ ᠲᠤ ᠴᠢᠭᠯᠡᠭᠦᠯᠦᠨ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠲᠤᠰᠬᠠᠢ ᠠᠵᠢᠯᠯᠠᠭ᠎ᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠤᠨ᠎ᠡ᠃    ︵ᠭᠤᠷᠪᠠ︶ ᠪᠠᠶᠢᠩᠭᠤ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠱᠠᠲᠤ ᠦᠶ᠎ᠡ ︵ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ︶    ᠡᠯ᠎ᠡ ᠭᠠᠵᠠᠷ ᠤᠨ ᠬᠢᠨ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠬᠠᠮᠢᠶ᠎ᠠ ᠪᠦᠬᠦᠢ ᠳᠦᠷᠢᠮ ᠲᠣᠭᠲᠠᠭᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠣᠶ ᠪᠣᠯᠭᠠᠵᠤ᠂ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠳᠦᠷᠢᠮᠵᠢᠭᠦᠯᠬᠦ᠂ ᠪᠠᠶᠢᠩᠭᠤᠵᠢᠭᠤᠯᠬᠤ᠂ ᠣᠷᠳᠣ ᠬᠤᠭᠤᠴᠠᠭᠠᠨ ᠤ ᠪᠦᠲᠦᠮᠵᠢᠲᠡᠶ ᠪᠣᠯᠭᠠᠬᠤ ᠶᠢ ᠠᠬᠢᠭᠤᠯᠤᠨ᠎ᠠ᠃    ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤᠨ   ᠤ ᠰᠢᠭᠤᠳ ᠬᠠᠷᠢᠶ᠎ᠠ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠢ ᠨᠦᠭᠦᠳ ᠬᠠᠮᠵᠢᠯᠴᠠᠭ᠎ᠠ ᠪᠠᠨ ᠴᠢᠩᠭᠠᠳᠬᠠᠵᠤ᠂ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠠᠬᠢᠭᠤᠯᠬᠤ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠭᠠᠷᠠᠭ ᠤᠨ ᠲᠣᠬᠢᠷᠠᠭᠤᠯᠤᠯᠲᠠ᠂ ᠰᠠᠷ᠎ᠠ ᠶᠢᠨ ᠮᠡᠳᠡᠭᠦᠯᠦᠯᠲᠡ ᠶᠢᠨ ᠳᠦᠷᠢᠮ ᠢ ᠬᠡᠷᠡᠭᠵᠢᠭᠦᠯᠵᠦ᠂ ᠰᠠᠷ᠎ᠠ ᠪᠦᠷᠢ ᠶᠢᠨ 20 ᠤ ᠡᠳᠦᠷ ᠠᠴᠠ ᠡᠮᠦᠨ᠎ᠡ ᠲᠣᠰ ᠭᠠᠵᠠᠷ ᠣᠷᠣᠨ ᠤ ᠠᠵᠢᠯ ᠢᠶᠠᠨ ᠠᠬᠢᠭᠤᠯᠤᠭᠰᠠᠨ ᠪᠠᠶᠢᠳᠠᠯ ᠢᠶᠠᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠮᠡᠳᠡᠭᠦᠯᠤᠨ᠎ᠡ ︵ᠬᠠᠷᠢᠯᠴᠠᠬᠤ ᠬᠥᠮᠥᠨ᠄ ᠭᠦᠸᠧ ᠸᠧᠨ ᠴᠢ᠂ ᠤᠳᠠᠰᠤ᠄ 18804844777 ᠪᠤᠯᠤᠨ᠎ᠠ︶᠃     ︵ᠬᠤᠶᠠᠷ︶ ᠡᠯ᠎ᠡ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ︵ᠲᠥᠪ ︶ ᠨᠢ ᠵᠣᠬᠢᠬᠤ ᠠᠵᠢᠯᠲᠠᠨ᠂ ᠲᠥᠬᠦᠭᠡᠷᠦᠮᠵᠢ᠂ ᠪᠡᠯᠡ ᠮᠥᠩᠭᠦ ᠶᠢᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠤᠮᠤ ᠰᠢᠶᠠᠩ ᠪᠠᠯᠭᠠᠰᠤ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠳᠤ ᠬᠠᠮᠢᠶᠠᠷᠴᠤ ᠬᠠᠮᠠᠭᠠᠯᠠᠬᠤ ᠡᠩᠨᠡᠭᠡ ᠲᠠᠢ᠂ ᠪᠡᠯᠡᠳᠬᠡᠮᠵᠢ ᠲᠥᠬᠦᠭᠡᠷᠦᠮᠵᠢ ᠲᠠᠢ᠂ ᠠᠵᠢᠯ ᠤᠨ ᠵᠠᠷᠤᠳᠠᠯ ᠲᠠᠢ ᠪᠠᠶᠢᠬᠤ ᠶᠢ ᠦᠨᠡᠨ ᠬᠦ ᠪᠠᠲᠤᠯᠠᠨ᠎ᠠ᠃     ︵ᠭᠤᠷᠪᠠ︶ ᠶᠡᠬᠡᠪᠡᠷ ᠤᠬᠠᠭᠤᠯᠵᠤ ᠬᠥᠲᠥᠯᠥᠨ ᠵᠢᠯᠣᠭᠤᠳᠤᠨ᠎ᠠ᠃ ᠡᠯ᠎ᠡ ᠭᠠᠵᠠᠷ ᠤᠨ ᠬᠢᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠬᠠᠮᠢᠶ᠎ᠠ ᠪᠦᠬᠦᠢ ᠳᠦᠷᠢᠮ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ᠂ ᠲᠤᠷᠰᠢᠯᠭ᠎ᠠ ᠠᠷᠭ᠎ᠠ ᠬᠢᠳᠡᠯ᠂ ᠨᠡᠶᠢᠲᠡᠯᠢᠭ ᠵᠢᠱᠢᠶ᠎ᠡ ᠵᠡᠷᠭᠡ ᠰᠢᠷᠢᠰ ᠤᠬᠠᠭᠤᠯᠭ᠎ᠠ ᠮᠡᠳᠡᠭᠡᠯᠡᠯ ᠢ ᠥᠷᠨᠢᠭᠦᠯᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠦᠨᠡᠨ ᠬᠦ ᠪᠣᠶ ᠪᠣᠯᠭᠠᠵᠤ᠂ ᠪᠥᠬᠦ ᠨᠡᠶᠢᠭᠡᠮ ᠢᠶᠠᠷ ᠢᠶᠠᠨ ᠵᠠᠭᠤᠨ ᠡᠳᠦᠷ ᠤᠨ  ᠪᠤᠭᠤᠮᠳᠠ ᠰᠢᠪᠲᠤᠯᠬᠤ ᠠᠵᠢᠯᠯᠠᠭ᠎ᠠ ᠶᠢ ᠢᠳᠡᠪᠬᠢᠲᠡᠢ ᠳᠡᠮᠵᠢᠬᠦ ᠪᠠ ᠲᠡᠭᠦᠨ ᠳᠤ ᠣᠷᠣᠯᠴᠠᠬᠤ ᠶᠢ ᠬᠥᠲᠥᠯᠥᠨ ᠵᠢᠯᠤᠭ᠋ᠳᠤᠨ᠎ᠠ᠃     ︵ᠳᠥᠷᠪᠡ︶ ᠱᠠᠯᠠᠪᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠠᠵᠢᠯ ᠢ ᠥᠷᠨᠢᠭᠦᠯᠦᠨ᠎ᠡ᠃ ᠬᠤᠰᠢᠭᠤᠨ   ᠤ ᠠᠷᠠᠳ ᠤᠨ ᠵᠠᠰᠠᠭ ᠤᠨ ᠣᠷᠳᠣᠨ ᠠᠴᠠ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠭᠰᠡᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ ᠲᠤᠰᠬᠠᠢ ᠠᠵᠢᠯ ᠤᠨ ᠬᠢᠨᠠᠨ ᠵᠢᠯᠤᠭᠤᠳᠬᠤ ᠳᠤᠭᠤᠶᠢᠯᠠᠩ ᠪᠠᠶᠢᠭᠤᠯᠵᠤ᠂ ᠪᠥᠬᠦ ᠬᠤᠰᠢᠭᠤᠨ ᠤ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠵᠢᠯᠤᠭᠤᠳᠬᠤ᠂ ᠬᠢᠨᠠᠨ ᠪᠠᠶᠢᠴᠠᠭᠠᠬᠤ ᠵᠢᠴᠢ ᠬᠢᠨᠠᠨ ᠰᠢᠯᠭᠠᠬᠤ ᠠᠵᠢᠯ ᠢ ᠶᠠᠪᠤᠭᠳᠠᠭᠤᠯᠤᠨ᠎ᠠ᠃ ᠲᠤᠰᠬᠠᠢ ᠠᠵᠢᠯ ᠤᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠡᠯ᠎ᠡ ᠭᠠᠵᠠᠷ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠦᠨᠳᠦᠰᠦᠯᠡᠨ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃                                  2023 ᠣᠨ ᠤ 7 ᠰᠠᠷ᠎ᠠ ᠶᠢᠨ 6 ᠤ ᠡᠳᠣᠷ      ᠳᠠᠭᠠᠯᠳᠤᠭᠤᠯᠤᠯ     ᠵᠠᠯᠠᠶᠢᠳ ᠬᠤᠰᠢᠭᠤᠨ ᠤ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠲᠤ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠶᠡᠷᠦᠩᠬᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ     ᠳᠤᠭᠤᠶᠢᠯᠠᠩ ᠤᠨ ᠳᠠᠷᠤᠭ᠎ᠠ᠄ ᠯᠢᠦ ᠭᠥᠸᠧ ᠮᠢᠨ   ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠬᠤᠰᠢᠭᠤᠨ   ᠤ ᠳᠡᠳ᠋ ᠳᠠᠷᠤᠭ᠎ᠠ     ᠳᠡᠳ᠋ ᠳᠤᠭᠤᠶᠢᠯᠠᠩ ᠤᠨ ᠳᠠᠷᠤᠭ᠎ᠠ᠄ ᠮᠢᠶᠣᠣ ᠢᠦᠢ ᠪᠦᠦ   ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋  ᠡᠷᠬᠢᠯᠡᠭᠴᠢ     ᠾᠧ ᠯᠢᠨ    ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ  ᠲᠤᠪᠴᠢᠶᠠᠨ ᠲᠠᠷᠤᠭ᠎ᠠ     ᠪᠦᠷᠢᠯᠳᠦᠭᠦᠨ᠄ ᠵᠢᠶᠣᠣ ᠵᠢᠶᠠᠨ  ᠪᠠᠶᠠᠨᠭᠤᠣᠯ ᠪᠠᠯᠭᠠᠰᠤᠨ ᠤ ᠨᠠᠮ ᠤᠨ ᠬᠤᠷᠢᠶᠠᠨ ᠤ ᠱᠦᠵᠢ     ᠯᠢ ᠶᠢᠨ ᠹᠧᠩ    ᠰᠢᠨᠯᠢᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ     ᠶᠦᠨ ᠹᠧᠩ   ᠬᠦᠷᠡᠯ ᠪᠠᠯᠭᠠᠰᠤᠨ ᠤ ᠨᠠᠮ ᠤᠨ ᠬᠤᠷᠢᠶᠠᠨ ᠤ ᠱᠦᠵᠢ     ᠯᠦ ᠶᠦᠩ ᠽᠧ   ᠬᠤᠯᠪᠤᠭ᠎ᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ     ᠵᠠᠩ ᠬᠤᠩ ᠪᠥᠸᠧ  ᠲᠡᠮᠡᠭᠡᠴᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ     ᠪᠦᠦ  ᠭᠤᠸ᠎ᠠ   ᠪᠠᠳᠠᠷᠠᠬᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ     ᠤᠷᠬᠢᠯ    ᠪᠠᠶ᠋ᠬᠠᠤᠯᠠᠭᠠᠨ ᠰᠤᠮᠤ ᠶᠢᠨ ᠨᠠᠮ ᠤᠨ ᠬᠤᠷᠢᠶᠠᠨ ᠤ ᠱᠦᠵᠢ     ᠪᠠᠢ ᠢᠦᠢ ᠴᠢᠩ   ᠠᠷᠪᠡᠨᠭᠡᠷ ᠪᠠᠯᠭᠠᠰᠤᠨ ᠤ ᠨᠠᠮ ᠤᠨ ᠬᠤᠷᠢᠶᠠᠨ ᠤ ᠱᠦᠵᠢ     ᠰᠢᠦᠢ ᠵᠧᠨ ᠭᠦᠸᠧ   ᠨᠦ᠋ᠨᠮᠦ᠋ᠷᠡᠨ ᠰᠢᠶᠠᠩ ᠤᠨ ᠨᠠᠮ ᠤᠨ ᠬᠤᠷᠢᠶᠠᠨ ᠤ ᠱᠦᠵᠢ     ᠫᠦ᠋ ᠶᠠᠨ ᠰᠢᠨ    ᠪᠠᠶᠠᠨᠵᠢᠯᠠᠭ᠎ᠠ ᠰᠢᠶᠠᠩ ᠤᠨ ᠨᠠᠮ ᠤᠨ ᠬᠤᠷᠢᠶᠠᠨ ᠤ ᠱᠦᠵᠢ     ᠪᠠᠢ ᠯᠢᠶᠠᠨ ᠱᠧᠩ    ᠪᠤᠯᠭᠠᠨᠬᠤᠸᠠ  ᠰᠤᠮᠤᠨ ᠤ ᠨᠠᠮ ᠤᠨ ᠬᠤᠷᠢᠶᠠᠨ ᠤ ᠱᠦᠵᠢ     ᠯᠠᠢ ᡁᠢ ᠭᠤᠸᠠᠩ    ᠠᠯᠳᠠᠷᠲᠤ ᠰᠤᠮᠤᠨ ᠤ ᠨᠠᠮ ᠤᠨ ᠬᠤᠷᠢᠶᠠᠨ ᠤ ᠱᠦᠵᠢ     ᠸᠠᠩ ᠢᠦᠢ ᠫᠢᠩ   ᠬᠤᠰᠢᠭᠤᠨ ᠤ ᠡᠭᠦᠯᠳᠡᠷ ᠤᠨ ᠮᠠᠯ ᠢ ᠦᠷᠡᠵᠢᠭᠦᠯᠬᠦ ᠲᠥᠪ ᠤᠨ ᠡᠷᠬᠢᠯᠡᠭᠴᠢ     ᠴᠧᠨ ᠵᠢᠶᠠᠨ    ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ     ᠭᠧᠩ ᠯᠢ ᠵᠢᠶᠦ᠋ᠨ   ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ     ᠱᠢ ᠯᠢᠶᠠᠨ ᠹᠦ᠋    ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ     ᠪᠠᠢ ᠭᠦᠸᠧ ᠴᠢᠩ   ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠠᠯᠠᠶᠢᠳ ᠬᠤᠰᠢᠭᠤᠨ ᠳᠠᠬᠢ ᠬᠤᠪᠢᠶᠠᠷᠢ ᠲᠣᠪᠴᠢᠶ᠎ᠠ ᠶᠢᠨ ᠳᠠᠷᠤᠭ᠎ᠠ   
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号