ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠡ ᠶᠢᠨ ᠭᠤᠣᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ ᠤᠨ ᠬᠢᠷᠢ ᠬᠡᠮ ᠢ ᠰᠢᠨ᠎ᠡ ᠪᠠᠷ ᠮᠠᠭᠠᠳᠯᠠᠨ ᠲᠣᠭᠲᠠᠭᠠᠵᠤ ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠵᠢᠴᠢ ᠬᠦᠴᠦᠨ ᠦᠭᠡᠢ ᠪᠤᠯᠭᠠᠭᠰᠠᠨ ᠲᠤᠬᠠᠢ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/1/8
    ᠵᠠᠯᠠᠶᠢᠳ ᠵᠠᠰᠠᠭ ᠦᠰᠦᠭᠳᠣ〔2023〕69  ᠳ᠋ᠣᠭᠡᠷ ᠲᠣᠭᠠᠲᠤ     ᠡᠯ᠎ᠡ ᠰᠤᠮᠤ᠂ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄     ᠬᠤᠰᠢᠭᠤᠨ ᠳᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ︽ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠪᠠ ᠠᠵᠢᠯᠯᠠᠭᠠᠨ ᠢ ᠬᠢᠨᠠᠨ ᠬᠡᠮᠵᠢᠬᠦ ᠬᠠᠮᠢᠶᠠᠷᠤᠯᠲᠠ ᠶᠢᠨ ᠠᠷᠭ᠎ᠠ︾ ︵ ᠵᠠᠯᠠᠶᠢᠳ ᠲᠠᠷᠢᠶᠠᠯᠠᠩ ᠲᠠᠷᠬᠠᠭᠠᠭᠰᠠᠨ ﹇2021﹈ 14 ᠳ᠋ᠤᠭᠡᠷ ᠲᠣᠭᠠᠲᠤ︶᠂ ︽ᠬᠤᠰᠢᠭᠤᠨ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰᠵᠢᠯᠲᠡ ᠶᠢᠨ ᠭᠤᠣᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ ︵ᠬᠢᠨᠠᠨ ᠬᠡᠮᠵᠢᠬᠦ︶ ᠲᠤᠬᠠᠢ ᠵᠠᠬᠢᠳᠠᠯ︾ ︵ᠵᠠᠯᠠᠶᠢᠳ ᠲᠠᠷᠢᠶᠠᠯᠠᠩ ᠵᠠᠬᠢᠳᠠᠯ ﹇2023﹈ 31 ᠳ᠋ᠤᠭᠡᠷ ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠠᠴᠠ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠵᠤ᠂ ᠬᠤᠰᠢᠭᠤᠨ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰᠵᠢᠯᠲᠡ ᠶᠢᠨ ᠭᠤᠣᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ ᠳᠤ ᠬᠢᠨᠠᠨ ᠬᠡᠮᠵᠢᠵᠦ ᠦᠨᠡᠯᠡᠨ ᠵᠢᠱᠢᠬᠦ ᠪᠠ ᠬᠢᠨᠠᠨ ᠲᠣᠭᠲᠠᠭᠠᠵᠤ ᠮᠠᠭᠠᠳᠯᠠᠨ ᠲᠣᠭᠲᠠᠭᠠᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠵᠤ᠂ ᠬᠢᠩᠭᠠᠨ ᠠᠶᠢᠮᠠᠭ ᠤᠨ ᠶᠢᠨ ᠴᠢᠦ ᠲᠠᠷᠢᠶᠠᠯᠠᠩ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠵᠡᠷᠭᠡ 5 ᠠᠵᠤ ᠠᠬᠤᠶᠢᠯᠠᠯ ᠢ ᠬᠤᠰᠢᠭᠤᠨ ᠤ ᠳᠡᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠭᠤᠣᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ ᠢᠶᠠᠷ ᠰᠢᠨ᠎ᠡ ᠪᠠᠷ ᠮᠠᠭᠠᠳᠯᠠᠨ ᠲᠣᠭᠲᠠᠭᠠᠵᠤ᠂ ᠵᠠᠯᠠᠶᠢᠳ ᠬᠤᠰᠢᠭᠤᠨ ᠤ ᠶᠢᠩ ᠭᠧ ᠱᠠᠨ ᠦᠵᠦᠮ ᠤᠨ ᠠᠷᠢᠬᠢ ᠶᠢᠨ ᠬᠢᠵᠠᠭᠠᠷᠲᠤ ᠺᠣᠮᠫᠠᠨᠢ ᠵᠡᠷᠭᠡ 16 ᠠᠵᠤ ᠠᠬᠤᠶᠢᠯᠠᠯ ᠢ ᠬᠢᠨᠠᠨ ᠬᠡᠮᠵᠢᠭᠡᠳ ᠬᠢᠷᠢ ᠲᠡᠩᠴᠡᠭᠰᠡᠨ ᠬᠤᠰᠢᠭᠤᠨ ᠤ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰᠵᠢᠯᠲᠡ ᠶᠢᠨ ᠭᠤᠣᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ ᠪᠣᠯᠭᠠᠵᠤ᠂ ᠵᠠᠯᠠᠶᠢᠳ ᠬᠤᠰᠢᠭᠤᠨ ᠤ ᠲᠠᠯ᠎ᠠ ᠨᠤᠲᠤᠭ ᠤᠨ ᠬᠤᠩ ᠳ᠋ᠧ ᠠᠮᠢ ᠠᠬᠤᠢ ᠶᠢᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠵᠡᠷᠭᠡ 7 ᠬᠤᠰᠢᠭᠤᠨ ᠤ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰᠵᠢᠯᠲᠡ ᠶᠢᠨ ᠭᠤᠣᠯᠳᠠᠯᠭ᠎ᠠ ᠲᠠᠢ ᠲᠠᠭᠠᠭᠤᠯᠤᠭᠴᠢ ᠠᠵᠤ ᠠᠬᠤᠶᠢᠯᠠᠯ ᠤᠨ ᠬᠢᠷᠢ ᠬᠡᠮ ᠢ ᠬᠦᠴᠦᠨ ᠦᠭᠡᠢ ᠪᠣᠯᠭᠠᠪᠠ᠃      ᠳᠠᠭᠠᠯᠳᠤᠭᠤᠯᠤᠯ᠄ ᠬᠤᠰᠢᠭᠤᠨ ᠲᠠᠰ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠯᠡᠰᠵᠢᠯᠲᠡ ᠶᠢᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠤᠨ ᠬᠢᠷᠢ ᠬᠡᠮ ᠢ ᠰᠢᠨ᠎ᠡ ᠪᠠᠷ ᠮᠠᠭᠠᠳᠯᠠᠨ ᠲᠣᠭᠲᠠᠭᠠᠭᠰᠠᠨ᠂ ᠬᠢᠨᠠᠨ ᠬᠡᠮᠵᠢᠯᠲᠡ ᠳᠤ ᠬᠢᠷᠢ ᠲᠡᠩᠴᠡᠭᠰᠡᠨ ᠵᠢᠴᠢ ᠬᠦᠴᠦᠨ ᠦᠭᠡᠢ ᠪᠤᠯᠭᠠᠭᠰᠠᠨ ᠨᠡᠷᠡᠰ                                     2023 ᠤᠨ 7 ᠰᠠᠷ᠎ᠠ ᠶᠢᠨ 28 ᠤ ᠡᠳᠦᠷ      ※ ᠳᠠᠭᠠᠯᠳᠤᠭᠤᠯᠤᠯ ᠢ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ  ᠠᠴᠠ ᠦᠵᠡᠭᠡᠷᠡᠢ  ︕
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号