ᠬᠤᠰᠢᠭᠤᠨ ᠤ ᠤᠳᠤᠷᠢᠳᠬᠤ ᠪᠠᠭ ᠤᠨ ᠪᠦᠷᠢᠯᠳᠦᠭᠦᠨ ᠤ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠲᠤᠬᠠᠢ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/1/8
    ᠵᠠᠯᠠᠶᠢᠳ ᠵᠠᠰᠠᠭ ᠠᠯᠪᠠᠨ ᠲᠠᠷᠬᠠᠭᠠᠭᠰᠠᠨ 〔2023〕 19 ᠳ᠋ᠣᠭᠡᠷ ᠲᠣᠭᠠᠲᠤ    ᠡᠯ᠎ᠡ ᠰᠤᠮᠤ᠂ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠡᠯ᠎ᠡ ᠰᠢᠭᠤᠳ ᠬᠠᠮᠢᠶᠠᠷᠤᠯᠲᠠ ᠶᠢᠨ ᠨᠢᠭᠡᠴᠢ᠂ ᠡᠯ᠎ᠡ ᠬᠤᠯᠪᠣᠭᠳᠠᠯ ᠪᠦᠬᠦᠢ ᠬᠤᠰᠢᠭᠤᠨ ᠳᠤ ᠰᠠᠭᠤᠭ᠎ᠠ ᠨᠢᠭᠡᠴᠢ ᠳᠤ᠄     ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠰᠤᠳᠤᠯᠬᠤ ᠶᠢᠨ ᠬᠠᠮᠲᠤ ᠠᠶᠢᠮᠠᠭ ᠤᠨ ᠨᠠᠮ ᠤᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠦᠭᠡᠳ᠂ ᠡᠳᠦᠭᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠤ ᠠᠵᠢᠯ ᠤᠨ ᠬᠤᠪᠢᠶᠠᠷᠢᠯᠠᠯ ᠢ ᠳᠣᠣᠷᠠᠬᠢ ᠮᠡᠲᠦ ᠮᠡᠳᠡᠭᠳᠡᠶ᠎ᠡ᠄    ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠴᠢ ᠯᠢᠨ᠄ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠭᠢᠯᠡᠵᠤ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃    ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠬᠤᠰᠢᠭᠤᠨ ᠤ ᠳᠡᠳ᠋ ᠳᠠᠷᠤᠭ᠎ᠠ ᠭᠤᠸ ᠢᠦᠢ ᠶᠦᠩ᠄ ᠬᠤᠰᠢᠭᠤᠨ ᠳᠠᠷᠤᠭ᠎ᠠ ᠶᠢ ᠬᠠᠪᠰᠤᠷᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ᠂ ᠬᠥᠭᠵᠢᠭᠦᠯᠦᠯᠲᠡ ᠥᠭᠡᠷᠡᠴᠢᠯᠡᠯᠲᠡ ︵ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡ᠂ ᠡᠨᠧᠷᠭᠢ︶᠂ ᠡᠳ᠋ ᠤᠨ ᠵᠠᠰᠠᠭ᠂ ᠬᠤᠳᠠᠯᠳᠤᠭ᠎ᠠ ᠡᠷᠭᠢᠯᠡᠬᠦ ᠣᠷᠴᠢᠨ ᠨᠦᠭᠦᠴᠡᠯ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ︵ᠵᠠᠰᠠᠭ ᠤᠨ ᠶᠠᠪᠤᠳᠠᠯ ᠢ ᠢᠯᠡ ᠪᠣᠯᠭᠠᠬᠤ᠂ ︽12345︾ ᠬᠠᠯᠠᠮᠰᠢᠯ ᠤᠲᠠᠰᠤ ᠶᠢ ᠭᠦᠢᠴᠡᠳᠬᠡᠬᠦ︶᠂ ᠲᠤᠭ᠎ᠠ ᠪᠦᠷᠢᠳᠬᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠲᠣᠮᠣ ᠳ᠋ᠠᠶᠢᠲ᠋ᠠ᠂ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ᠂ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ  ᠲᠠᠲᠠᠵᠤ ᠤᠷᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠬᠤᠰᠢᠭᠤᠨ ᠳᠠᠷᠤᠭ᠎ᠠ ᠶᠢ ᠬᠠᠪᠰᠤᠷᠤᠨ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠡᠭᠦᠳᠡᠯ ᠠᠷᠠᠳ ᠢ ᠲᠥᠪᠬᠢᠨᠡᠭᠦᠯᠬᠦ ᠲᠥᠪ᠂ ᠮᠥᠩᠭᠦᠨ ᠭᠦᠢᠯᠭᠡᠭᠡᠨ ᠤ ᠠᠯᠪᠠᠨ ᠭᠡᠷ᠂ ᠨᠢᠰᠬᠡᠯ ᠤᠨ ᠪᠠᠭᠤᠳᠠᠯ ᠤᠨ ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃ ᠬᠢᠨᠠᠨ ᠪᠤᠳᠤᠬᠤ ᠲᠣᠪᠴᠢᠶ᠎ᠠ ᠶᠢ ᠬᠠᠮᠵᠢᠨ ᠬᠠᠮᠢᠶᠠᠷᠤᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠵᠠᠯᠠᠶᠢᠳ ᠬᠤᠰᠢᠭᠤᠨ ᠤ ᠵᠥᠪᠯᠡᠯ᠂ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢ ᠵᠣᠬᠢᠴᠠᠭᠤᠯᠤᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠠᠮᠲᠤᠷᠠᠨ ᠰᠣᠯᠢᠯᠴᠠᠬᠤ ᠲᠥᠪ᠂ ᠠᠬᠠᠮᠠᠳ ᠺᠠᠳ᠋ᠷᠴᠤᠳ ᠤᠨ ᠲᠣᠪᠴᠢᠶ᠎ᠠ᠂ ᠠᠷᠠᠳ ᠤᠨ ᠪᠠᠩᠬᠢ᠂ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠣᠶ ᠰᠢᠭᠤᠢ ᠶᠢᠨ ᠭᠠᠯ ᠤᠨᠲᠠᠷᠠᠭᠠᠬᠤ ᠳᠤᠮᠳᠠ ᠠᠩᠭᠢ᠂ ᠪᠤᠬ᠎ᠠ ᠶᠢᠨ ᠵᠤ ᠣᠷᠣᠨ ᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠵᠡᠭᠦᠨ ᠬᠡᠰᠡᠭ ᠤᠨ ᠬᠤᠪᠢᠶᠠᠷᠢ ᠲᠣᠪᠴᠢᠶ᠎ᠠ᠂ ᠲᠡᠮᠡᠭᠡᠴᠢ ᠬᠤᠣᠷ ᠲᠠᠲᠠᠬᠤ ᠶᠢ ᠵᠣᠭᠰᠤᠭᠠᠬᠤ ᠭᠠᠵᠠᠷ᠂ ᠫᠢᠩ ᠲᠠᠢ ᠴᠡᠷᠢᠭ ᠠᠩᠭᠢ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠢᠵᠠᠭᠠᠷᠲᠤ ᠺᠣᠮᠫᠠᠨᠢ ᠲᠠᠢ ᠬᠠᠷᠢᠯᠴᠠᠨ᠎ᠠ᠃     ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠰᠢᠭᠤᠨ ᠤ ᠳᠡᠳ᠋ ᠳᠠᠷᠤᠭ᠎ᠠ ᠰᠢᠦᠢ ᠵᠢᠢ ᠯᠦᠩ᠄ ᠬᠤᠰᠢᠭᠤᠨ ᠳᠠᠷᠤᠭ᠎ᠠ ᠶᠢ ᠬᠠᠪᠰᠤᠷᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠰᠣᠶᠣᠯ ᠵᠢᠭᠤᠯᠴᠢᠯᠠᠯ᠂ ᠠᠷᠠᠳ ᠤᠨ ᠶᠠᠪᠤᠳᠠᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠴᠧᠨ ᠬᠠᠢ ᠱᠠᠨ ᠨᠥᠬᠦᠷ ᠲᠠᠢ ᠬᠠᠮᠵᠢᠯᠴᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠠᠷᠢᠭᠤᠴᠠᠨ᠎ᠠ᠃  ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂  ᠬᠤᠸᠠ ᠯᠢᠦᠢ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠤᠲᠠᠰᠤᠲᠤ ᠲᠧᠯᠸᠢᠰ ᠤᠨ ᠰᠦᠯᠵᠢᠶᠡᠨ ᠤ ᠺᠣᠮᠫᠠᠨᠢ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠡᠮᠡᠭᠲᠡᠶᠢᠴᠦᠳ ᠤᠨ ᠬᠤᠯᠪᠣᠭ᠎ᠠ᠂ ᠡᠪᠯᠡᠯ ᠤᠨ ᠬᠤᠷᠢᠶ᠎ᠠ᠂ ᠠᠵᠢᠯᠴᠢᠨ ᠤ ᠶᠡᠷᠦᠩᠬᠡᠢ ᠡᠪᠯᠡᠯ ᠲᠠᠢ ᠬᠠᠷᠢᠯᠴᠠᠨ᠎ᠠ᠃     ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠶᠠᠩ ᠱᠥᠸᠧ ︵ᠲᠤᠰᠢᠶᠠᠯ ᠬᠠᠪᠰᠤᠷᠭᠠᠵᠤ ᠪᠤᠢ︶᠄ ᠴᠧᠨ ᠬᠠᠢ ᠱᠠᠨ ᠨᠥᠬᠦᠷ ᠲᠠᠢ ᠬᠠᠮᠵᠢᠯᠴᠠᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠠᠷᠢᠭᠤᠴᠠᠨ᠎ᠠ᠃ ᠹᠧᠩᠲ᠋ᠠᠢ ᠲᠣᠭᠤᠷᠢᠭ᠂ ᠠᠷᠠᠯᠵᠢᠶᠠᠴᠢᠨ ᠤᠷᠢᠵᠤ ᠪᠡᠯᠡ  ᠮᠦᠩᠬᠦ ᠣᠷᠣᠭᠤᠯᠤᠨ ᠠᠪᠴᠢᠷᠠᠬᠤ᠂ ᠴᠢᠳᠠᠪᠤᠷᠢᠲᠠᠨ ᠡᠯᠰᠡᠵᠦ ᠤᠶᠤᠨ ᠤᠬᠠᠭᠠᠨ ᠢᠶᠠᠷ ᠲᠡᠮᠵᠢᠬᠦ ᠠᠵᠢᠯ ᠢ ᠵᠣᠬᠢᠴᠠᠭᠤᠯᠤᠨ ᠨᠡᠪᠲᠡᠷᠡᠯᠴᠡᠬᠦ ᠶᠢ ᠬᠠᠷᠢᠭᠤᠴᠠᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠵᠣᠣ ᠴᠢᠩ ᠯᠢᠨ ︵ᠲᠤᠰᠢᠶᠠᠯ ᠬᠠᠪᠰᠤᠷᠭᠠᠵᠤ ᠪᠤᠢ︶᠄ ᠭᠤᠸ ᠢᠦᠢ ᠶᠦᠩ ᠨᠥᠬᠦᠷ ᠢ ᠬᠠᠪᠰᠤᠷᠤᠨ ᠵᠠᠬᠢᠳᠠᠯ ᠰᠣᠷᠪᠤᠯᠵᠢᠯᠠᠯ ᠤᠨ ᠠᠵᠢᠯ ᠢ ᠬᠠᠷᠢᠭᠤᠴᠠᠨ᠎ᠠ︔ ᠴᠧᠨ ᠬᠠᠢ ᠱᠠᠨ ᠨᠥᠬᠦᠷ ᠢ ᠬᠠᠪᠰᠤᠷᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠠᠷᠢᠭᠤᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢ ᠬᠠᠮᠵᠢᠨ ᠬᠠᠮᠢᠶᠠᠷᠤᠨ᠎ᠠ᠃ ᠸᠠᠩ ᠲᠢᠶᠠᠨ ᠵᠢᠶᠦ᠋ᠨ ᠨᠥᠬᠦᠷ ᠢ ᠬᠠᠪᠰᠤᠷᠴᠤ ᠬᠠᠤᠯᠢ ᠴᠠᠭᠠᠵᠠ ᠶᠢᠨ ᠠᠵᠢᠯ ᠢ ᠬᠠᠷᠢᠭᠤᠴᠠᠨ᠎ᠠ᠃ ᠤᠯᠤᠰ ᠤᠨ ᠡᠯ᠎ᠡ ᠶᠠᠮᠤᠨ ᠬᠤᠷᠢᠶ᠎ᠠ ᠶᠢ ᠵᠣᠬᠢᠴᠠᠭᠤᠯᠤᠨ ᠨᠡᠪᠲᠡᠷᠡᠯᠴᠡᠭᠦᠯᠬᠦ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ᠂ ᠴᠢᠳᠠᠪᠤᠷᠢᠲᠠᠨ ᠡᠯᠰᠡᠵᠦ ᠤᠶᠤᠨ ᠤᠬᠠᠭᠠᠨ ᠢᠶᠠᠷ ᠲᠡᠮᠵᠢᠬᠦ ᠠᠵᠢᠯ ᠢ ᠬᠠᠷᠢᠭᠤᠴᠠᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠯᠢᠦ ᠭᠦᠸᠧ ᠮᠢᠨ᠄ ᠬᠤᠰᠢᠭᠤᠨ ᠳᠠᠷᠤᠭ᠎ᠠ ᠶᠢ ᠬᠠᠮᠵᠢᠨ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠪᠠᠶᠢᠭᠠᠯᠢ ᠶᠢᠨ ᠡᠬᠢ ᠪᠠᠶᠠᠯᠢᠭ ᠵᠢᠴᠢ ᠪᠤᠰᠤᠳ ᠲᠠᠯ᠎ᠠ ᠶᠢᠨ ᠠᠵᠢᠯ ᠢ ᠬᠠᠷᠢᠭᠤᠴᠠᠨ᠎ᠠ᠃ ᠥᠪᠥᠷ ᠮᠣᠩᠭᠤᠯ ᠤᠨ  ᠲᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠪᠠ ᠣᠶ ᠰᠢᠭᠤᠢ ᠨᠤᠳᠤᠭ ᠪᠡᠯᠴᠢᠭᠡᠷ ᠤᠰᠤᠨ ᠠᠰᠢᠭᠯᠠᠯᠲᠠ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠸᠠ ᠲᠢᠶᠠᠨ ᠺᠣᠮᠫᠠᠨᠢ᠂ ᠬᠤᠸᠠ ᠵᠢᠶᠠᠨ ᠺᠣᠮᠫᠠᠨᠢ᠂ ᠬᠤᠸᠠ ᠴᠢᠩ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠠᠯᠠᠶᠢᠳ ᠬᠤᠰᠢᠭᠤᠨ ᠳᠠᠬᠢ ᠬᠤᠪᠢᠶᠠᠷᠢ ᠲᠣᠪᠴᠢᠶ᠎ᠠ᠂ ᠬᠢᠩᠭᠠᠨ ᠠᠶᠢᠮᠠᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠵᠠᠯᠠᠶᠢᠳ ᠬᠤᠰᠢᠭᠤᠨ ᠤ ᠡᠵᠡᠩᠨᠡᠯᠲᠡ ᠶᠢᠨ ᠬᠡᠯᠲᠡᠰ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠰᠢᠯᠵᠢᠮᠡᠯ ᠬᠤᠯᠪᠣᠭᠠᠨ ᠤ ᠺᠣᠮᠫᠠᠨᠢ᠂ ᠨᠢᠭᠡᠳᠤᠮᠡᠯ ᠬᠤᠯᠪᠤᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠲᠡᠮᠦᠷ ᠵᠠᠮ ᠤᠨ ᠬᠤᠯᠪᠣᠭᠠᠨ ᠤ ᠺᠣᠮᠫᠠᠨᠢ ᠲᠠᠢ ᠬᠠᠷᠢᠯᠴᠠᠨ᠎ᠠ᠃     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ᠄ ᠬᠤᠰᠢᠭᠤᠨ ᠳᠠᠷᠤᠭ᠎ᠠ ᠶᠢ ᠬᠠᠮᠵᠢᠨ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠶ ᠰᠢᠭᠤᠢ ᠨᠤᠲᠤᠭ ᠪᠡᠯᠴᠢᠭᠡᠷ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠦᠶᠡᠷ ᠢ ᠰᠡᠷᠭᠡᠶᠢᠯᠡᠬᠦ᠂ ᠭᠤᠣᠯ ᠮᠦᠷᠡᠨ ᠨᠠᠭᠤᠷ ᠴᠦᠬᠦᠷᠦᠮ ᠪᠠ ᠣᠶ ᠰᠢᠭᠤᠢ ᠨᠤᠳᠤᠭ ᠪᠡᠯᠴᠢᠭᠡᠷ ᠤᠨ ᠬᠠᠮᠢᠶᠠᠷᠤᠯᠲᠠ ᠵᠢᠴᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ︵ᠣᠶ ᠰᠢᠭᠤᠢ ᠨᠤᠳᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ︶᠂ ᠤᠰᠤᠨ ᠠᠰᠢᠭᠯᠠᠯᠲᠠ ᠶᠢᠨ ᠲᠣᠪᠴᠢᠶ᠎ᠠ ︵ᠭᠤᠣᠯ ᠮᠦᠷᠡᠨ ᠨᠠᠭᠤᠷ ᠴᠦᠬᠦᠷᠦᠮ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ︶᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠴᠤᠤᠯ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠳᠣᠣᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠤ ᠠᠵᠢᠯ ᠦᠢᠯᠡᠰ ᠤᠨ ᠬᠥᠭᠵᠢᠯᠲᠡ ᠶᠢᠨ ᠲᠥᠪ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠴᠤᠤᠯ ᠲᠦᠰᠢᠨ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠪᠤᠭᠳᠠ ᠠᠭᠤᠯᠠ ᠤᠯᠤᠰ ᠤᠨ ᠣᠶ ᠰᠢᠭᠤᠢ ᠶᠢᠨ ᠴᠡᠴᠡᠷᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ᠂ ᠬᠤᠸᠠ ᠱᠧᠩ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ︔ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠴᠠᠭ ᠠᠭᠤᠷ ᠤᠨ ᠲᠣᠪᠴᠢᠶ᠎ᠠ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠲᠠᠷᠢᠶᠠᠯᠠᠩ ᠤᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠮᠧᠩ ᠶᠢᠨ ᠲᠣᠰᠬᠤᠨ ᠪᠠᠯᠭᠠᠰᠤ ᠶᠢᠨ ᠪᠠᠩᠬᠢ᠂ ᠴᠤᠤᠯ ᠤᠰᠤᠨ ᠠᠰᠢᠭᠯᠠᠯᠲᠠ ᠤᠰᠤᠨ ᠴᠠᠬᠢᠯᠭᠠᠨ ᠤ ᠬᠢᠵᠠᠭᠠᠷᠲᠤ ᠺᠣᠮᠫᠠᠨᠢ᠂ ᠠᠨ ᠬᠤᠸᠠ ᠲᠠᠷᠢᠶᠠᠯᠠᠩ ᠤᠨ ᠳᠠᠭᠠᠳᠬᠠᠯ ᠤᠨ ᠺᠣᠮᠫᠠᠨᠢ᠂ ᠳ᠋ᠠ ᠳ᠋ᠢ ᠳᠠᠭᠠᠳᠬᠠᠯ ᠤᠨ ᠺᠣᠮᠫᠠᠨᠢ᠂ ᠬᠠᠭᠤᠴᠢᠨ ᠰᠠᠭᠤᠭᠠᠯᠢ ᠠᠷᠠᠳ  ᠤᠨ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ᠂ ᠠᠳᠤᠭᠤᠨ ᠤ ᠦᠢᠯᠡᠰ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠠᠬᠠᠮᠠᠳ ᠠᠵᠢᠯᠲᠠᠨ ᠤ ᠨᠡᠶᠢᠭᠡᠮᠯᠢᠭ᠂ ᠬᠤᠸᠠ ᠹᠦ᠋ ᠺᠣᠮᠫᠠᠨᠢ ᠲᠠᠢ ᠬᠠᠷᠢᠯᠴᠠᠨ᠎ᠠ᠃      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ᠄ ᠬᠤᠰᠢᠭᠤᠨ ᠳᠠᠷᠤᠭ᠎ᠠ ᠶᠢ ᠬᠠᠪᠰᠤᠷᠤᠨ ᠠᠵᠤ ᠦᠢᠯᠡᠳᠪᠦᠷᠢ ᠠᠵᠤ ᠠᠬᠤᠢ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠢᠴᠢ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠬᠤ᠄ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢ ᠬᠠᠮᠵᠢᠨ ᠬᠠᠮᠢᠶᠠᠷᠤᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ᠂ ᠦᠢᠯᠡᠳᠪᠦᠷᠢ ᠬᠤᠳᠠᠯᠳᠤᠭᠠᠨ ᠤ ᠪᠠᠩᠬᠢ᠂ ᠥᠪᠥᠷ ᠮᠣᠩᠭᠤᠯ ᠤᠨ ᠪᠠᠩᠬᠢ᠂  ᠮᠧᠩ ᠱᠠᠩ ᠪᠠᠩᠬᠢ᠂ ᠰᠢᠤᠳᠠᠨ ᠤ ᠺᠣᠮᠫᠠᠨᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ᠂ ᠴᠢᠯᠠᠭᠤᠨ ᠲᠣᠰᠣᠨ ᠤ ᠺᠣᠮᠫᠠᠨᠢ᠂ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ᠲᠠᠢ ᠬᠠᠷᠢᠯᠴᠠᠨ᠎ᠠ᠃     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠰᠢᠭᠤᠨ ᠤ ᠳᠡᠳ᠋ ᠳᠠᠷᠤᠭ᠎ᠠ ᠵᠧᠩ ᠶᠢᠨ ᠯᠢᠩ᠄ ᠬᠤᠰᠢᠭᠤᠨ ᠳᠠᠷᠤᠭ᠎ᠠ ᠶᠢ ᠬᠠᠪᠰᠤᠷᠤᠨ ᠨᠡᠶᠢᠭᠡᠮ ᠤᠨ ᠦᠢᠯᠡᠰ ᠤᠨ ᠬᠠᠮᠢᠶᠠᠷᠤᠯᠲᠠ ᠵᠢᠴᠢ ᠪᠤᠰᠤᠳ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢ ᠬᠤᠪᠢᠳᠠᠨ ᠬᠠᠮᠢᠶᠠᠷᠤᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ ᠬᠤᠰᠢᠭᠤᠨ ᠤ ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠰᠠᠩ᠂ ᠬᠥᠮᠥᠨ ᠤ ᠬᠦᠴᠦᠨ ᠤ ᠳᠠᠭᠠᠳᠬᠠᠯ ᠡᠳ᠋ ᠤᠨ ᠶᠠᠪᠤᠳᠠᠯ ᠤᠨ ᠳᠠᠭᠠᠳᠬᠠᠯ ᠤᠨ ᠺᠣᠮᠫᠠᠨᠢ᠂ ᠠᠮᠢ ᠨᠠᠰᠤᠨ ᠤ ᠳᠠᠭᠠᠳᠬᠠᠯ ᠤᠨ ᠺᠣᠮᠫᠠᠨᠢ ᠲᠠᠢ ᠬᠠᠷᠢᠯᠴᠠᠨ᠎ᠠ᠃    ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂  ᠬᠤᠰᠢᠭᠤᠨ ᠤ ᠳᠡᠳ᠋  ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ᠄ ᠬᠤᠰᠢᠭᠤᠨ ᠳᠠᠷᠤᠭ᠎ᠠ ᠶᠢ ᠬᠠᠪᠰᠤᠷᠤᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ  ᠲᠠᠯ᠎ᠠ ᠶᠢᠨ ᠠᠵᠢᠯ ᠢ ᠬᠠᠷᠢᠭᠤᠴᠠᠵᠤ᠂ ᠭᠤᠸ ᠢᠦᠢ ᠶᠦᠩ ᠨᠥᠬᠦᠷ ᠢ ᠬᠠᠪᠰᠤᠷᠤᠨ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠢᠯ ᠢ ᠡᠷᠭᠢᠯᠡᠨ᠎ᠡ᠃ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ︔ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ ᠵᠡᠪᠰᠡᠭᠲᠦ ᠴᠠᠭᠳᠠᠭ᠎ᠠ ᠶᠢᠨ ᠵᠠᠯᠠᠶᠢᠳ ᠳᠤᠮᠳᠠ ᠠᠩᠭᠢ ᠲᠠᠢ ᠬᠠᠷᠢᠯᠴᠠᠨ᠎ᠠ᠃    ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢ ᠡᠯ ᠫᠢᠩ ︵ᠲᠤᠰᠢᠶᠠᠯ ᠬᠠᠪᠰᠤᠷᠭᠠᠵᠤ ᠪᠤᠢ︶᠄ ᠬᠤᠰᠢᠭᠤᠨ ᠳᠠᠷᠤᠭ᠎ᠠ ᠶᠢ ᠬᠠᠪᠰᠤᠷᠤᠨ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠬᠠᠪᠰᠤᠷᠤᠨ ᠲᠡᠳᠬᠦᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠭᠤᠤ ᠢᠦᠢ ᠶᠦᠩ ᠨᠥᠬᠦᠷ ᠢ ᠬᠠᠪᠰᠤᠷᠴᠤ ᠳᠡᠭᠡᠳᠦ ᠱᠠᠳᠤᠨ ᠠᠴᠠ ᠪᠡᠯᠡ ᠮᠥᠩᠭᠦ ᠣᠯᠬᠤ ᠠᠵᠢᠯ ᠢ ᠬᠠᠷᠢᠭᠤᠴᠠᠨ᠎ᠠ᠃ ᠮᠠᠨ ᠱᠦᠢ ᠯᠦᠩ ᠨᠥᠬᠦᠷ ᠢ ᠬᠠᠪᠰᠤᠷᠴᠤ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠠᠵᠢᠯ ᠢ ᠬᠠᠷᠢᠭᠤᠴᠠᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃    ᠬᠤᠰᠢᠭᠤᠨ ᠤ ᠳᠡᠳ᠋ ᠭᠠᠵᠠᠷ ᠤᠨ ᠲᠠᠰ ᠤᠨ ᠺᠠᠳ᠋ᠷ ᠢᠦᠢ ᠴᠠᠩ ᠵᠢᠶᠠᠩ᠄ ᠭᠤᠸ ᠢᠦᠢ ᠶᠦᠩ ᠨᠥᠬᠦᠷ ᠢ ᠬᠠᠮᠵᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠴᠧᠨ ᠬᠠᠢ ᠱᠠᠨ ᠨᠥᠬᠦᠷ ᠢ ᠬᠠᠪᠰᠤᠷᠤᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠠᠵᠢᠯ ᠢ ᠬᠠᠷᠢᠭᠤᠴᠠᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号