ᠵᠠᠯᠠᠶᠢᠳ ᠬᠤᠰᠢᠭᠤ ᠪᠠᠶᠢᠭᠠᠯᠢ ᠶᠢᠨ ᠭᠤᠶᠤ ᠰᠠᠶᠢᠬᠠᠨ ᠦᠵᠡᠮᠵᠢ ᠪᠠᠷ ᠢᠶᠠᠨ ᠵᠢᠭᠤᠯᠴᠢᠯᠠᠬᠴᠢᠳ ᠤᠨ ᠪᠠᠭ᠋ᠠᠷᠬᠠᠯ ᠢ ᠤᠯᠵᠦ ᠪᠠᠶᠢᠨ᠎ᠠ
ᠨᠡᠶᠢᠲᠡᠯᠡᠭᠰᠡᠨ ᠴᠠᠭ᠄
2024/10/11
     ᠠᠯᠳᠠᠨ ᠰᠢᠷᠭᠠᠯ ᠲᠤᠳᠤᠷᠭᠠᠨ ᠲᠠᠷᠢᠶ᠎ᠠ᠂ ᠡᠯᠳᠡᠪ ᠦᠩᠭᠡ ᠶᠢ ᠪᠦᠷᠢᠳᠦᠭᠦᠯᠦᠭᠰᠡᠨ ᠤᠢ ᠰᠢᠭᠤᠢ ᠵᠠᠯᠠᠶᠢᠳ ᠨᠤᠳᠤᠭ ᠤᠨ ᠨᠠᠮᠤᠷ ᠤᠨ ᠭᠤᠶᠤ ᠰᠠᠶᠢᠬᠠᠨ ᠦᠵᠡᠮᠵᠢ ᠶᠢ ᠲᠡᠯᠭᠡᠵᠠᠢ᠃ ᠤᠯᠤᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ ᠵᠠᠯᠠᠶᠢᠳ ᠬᠤᠰᠢᠭᠤ ᠭᠤᠶᠤ ᠰᠠᠶᠢᠬᠠᠨ ᠪᠠᠶᠢᠭᠠᠯᠢ ᠶᠢᠨ ᠦᠵᠡᠮᠵᠢ ᠪᠠᠷ ᠢᠶᠠᠨ ᠲᠦᠷᠪᠡᠨ ᠵᠦᠭ ᠤᠨ ᠵᠢᠭᠤᠯᠴᠢᠯᠠᠬᠴᠢᠳ ᠢ ᠤᠬᠳᠤᠯ᠎ᠠ᠃ ᠵᠠᠯᠠᠶᠢᠳ ᠬᠤᠰᠢᠭᠤᠨ ᠳᠤ ᠬᠤᠯᠪᠤᠭ᠎ᠠ ᠲᠤᠳᠤᠷᠭᠠᠨ ᠲᠠᠷᠢᠶᠠᠨ ᠤ ᠦᠵᠡᠮᠵᠢ ᠶᠢᠨ ᠤᠷᠤᠨ᠂ ᠲᠡᠮᠡᠭᠡᠴᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ᠂ ᠪᠤᠬᠳᠠ ᠠᠭᠤᠯᠠ ᠵᠢᠭᠤᠯᠴᠢᠯᠠᠯ ᠤᠨ ᠦᠵᠡᠮᠵᠢ ᠶᠢᠨ ᠤᠷᠤᠨ᠂ ᠪᠠᠶᠠᠨᠳᠠᠯ᠎ᠠ ᠭᠤᠤᠯ ᠤᠨ ᠬᠦᠨᠳᠡᠢ ᠶᠢᠨ ᠠᠮᠢ ᠠᠬᠤᠢ ᠰᠤᠶᠤᠯ ᠵᠢᠭᠤᠯᠴᠢᠯᠠᠯ ᠤᠨ ᠤᠷᠤᠨ᠂ ᠬᠦᠢᠯᠡᠰᠦᠨ ᠴᠡᠴᠡᠭᠳᠤ ᠠᠭᠤᠯᠠ ᠶᠢᠨ ᠬᠦᠳᠡᠭᠡ ᠲᠤᠰᠬᠤᠨ ᠤ ᠵᠢᠭᠤᠯᠴᠢᠯᠠᠯ ᠤᠨ ᠤᠷᠤᠨ ᠂ ᠲᠤᠷᠠᠨ ᠨᠠᠭᠤᠷ ᠴᠡᠴᠡᠷᠯᠢᠭ ᠵᠢᠴᠢ ᠴᠤᠤᠯ ᠭᠤᠤᠯ ᠲᠠᠷᠢᠶᠠᠯᠠᠬᠤ ᠮᠦᠽᠸᠢ ᠵᠡᠷᠭᠡ ᠪᠠᠶᠢᠳᠠᠭ᠃      ᠬᠤᠯᠪᠤᠭ᠎ᠠ ᠲᠤᠳᠤᠷᠭᠠᠨ ᠲᠠᠷᠢᠶᠠᠨ ᠤ ᠦᠵᠡᠮᠵᠢ ᠶᠢᠨ ᠤᠷᠤᠨ ᠳᠠᠬᠢ ᠠᠯᠳᠠᠨ ᠰᠢᠷᠭᠠᠯ ᠲᠤᠳᠤᠷᠭ᠎ᠠ ᠰᠠᠯᠬᠢᠨ ᠤ ᠠᠶ᠎ᠠ ᠪᠠᠷ ᠬᠠᠯᠢᠭᠤᠷᠠᠨ᠎ᠠ᠃ ᠦᠵᠡᠮᠵᠢ ᠶᠢᠨ ᠤᠷᠤᠨ ᠲᠤᠳᠤᠷᠠᠬᠢ ︽ᠮᠢ ᠪᠤᠤ︾ ︽ᠬᠦᠬᠡᠷᠦᠬᠦᠨ ᠠᠮᠢᠳᠠᠨ︾ ᠵᠡᠷᠭᠡ ᠴᠡᠩᠬᠡᠯ ᠤᠨ ᠭᠠᠵᠠᠷ ᠨᠢ ᠵᠢᠭᠠᠯ ᠬᠡᠤᠬᠡᠳ ᠤᠨ ᠴᠡᠩᠬᠡᠯ ᠤᠨ ᠤᠷᠤᠨ ᠪᠤᠯᠪᠠ᠃ ᠵᠢᠭᠤᠯᠴᠢᠯᠠᠬᠴᠢᠳ ᠪᠠᠰᠠ ᠲᠤᠳᠤᠷᠭᠠᠨ ᠲᠠᠷᠢᠶᠠᠨ ᠲᠤᠮᠳᠠᠭᠤᠷ ᠮᠠᠰᠢᠨ ᠲᠡᠷᠬᠡ ᠪᠠᠷ ᠠᠶᠠᠯᠠᠵᠦ᠂ ᠨᠠᠮᠤᠷ ᠤᠨ ᠦᠵᠡᠮᠵᠢ ᠳᠤ ᠰᠤᠬᠳᠤᠭᠤᠷᠠᠯ᠎ᠠ᠃     ︽ᠰᠢᠪᠠᠭᠤᠳ ᠤᠨ ᠴᠡᠩᠬᠡᠯ ᠤᠨ ᠤᠷᠤᠨ︾ ᠪᠤᠯᠤᠬᠰᠠᠨ ᠲᠡᠮᠡᠭᠡᠴᠢ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠰᠢᠪᠠᠭᠤᠨ ᠪᠠᠭ᠋ᠠᠳᠠᠳ ᠤᠨ ᠬᠦᠰᠡᠯᠡᠩ ᠤᠨ ᠭᠠᠵᠠᠷ ᠪᠤᠯᠤᠬᠰᠠᠨ ᠪᠠᠶᠢᠳᠠᠭ᠃ ᠡ᠊ᠨᠳᠡ ᠠᠯ ᠰᠡᠬᠦᠯ᠂ ᠲᠤᠭᠤᠳᠠᠭ ᠵᠡᠷᠭᠡ ᠬᠤᠪᠤᠷ ᠴᠤᠬᠠᠭ ᠰᠢᠪᠠᠭᠤᠳ ᠠᠮᠢᠳᠦᠷᠠᠵᠦ ᠪᠠᠶᠢᠨ᠎ᠠ᠃ ᠬᠠᠮᠠᠭᠠᠯᠠᠯᠳᠠ ᠶᠢᠨ ᠤᠷᠤᠨ ᠰᠢᠨᠵᠢᠯᠡᠬᠦ ᠤᠬᠠᠭᠠᠨ ᠮᠡᠷᠬᠡᠵᠢᠯ ᠢ ᠲᠦᠬᠡᠮᠡᠯᠵᠢᠬᠦᠯᠬᠦ ᠰᠤᠳᠤᠯᠤᠨ ᠰᠤᠷᠤᠯᠴᠠᠬᠤ ᠵᠢᠵᠢᠭ ᠬᠢᠴᠢᠶᠡᠯ ᠤᠨ ᠲᠠᠩᠬᠢᠮ ᠨᠡᠭᠡᠭᠡᠵᠦ᠂ ᠡᠯ᠎ᠡ ᠲᠦᠷᠦᠯ ᠤᠨ ᠬᠤᠪᠤᠷ ᠴᠤᠬᠠᠭ ᠰᠢᠪᠠᠭᠤ ᠶᠢ ᠵᠢᠭᠤᠯᠴᠢᠯᠠᠬᠴᠢᠳ ᠲᠤ ᠰᠤᠨᠢᠷᠬᠠᠭᠤᠯᠤᠨ᠂ ᠰᠢᠪᠠᠭᠤᠨ ᠤ ᠠᠮᠢᠳᠦᠷᠠᠯ ᠤᠨ ᠲᠠᠳᠬᠠᠯ ᠵᠢᠴᠢ ᠬᠠᠮᠠᠭᠠᠯᠠᠬᠤ ᠮᠡᠳᠡᠯᠬᠡ ᠶᠢ ᠤᠯᠠᠨ ᠳᠤ ᠤᠶᠢᠯᠠᠭᠠᠭᠤᠯᠵᠠᠢ᠃      ᠪᠤᠬᠳᠠ ᠠᠭᠤᠯᠠ ᠵᠢᠭᠤᠯᠴᠢᠯᠠᠯ ᠤᠨ ᠦᠵᠡᠮᠵᠢ ᠶᠢᠨ ᠤᠷᠤᠨ ᠦᠨᠳᠦᠷ ᠰᠦᠷᠯᠢᠭ ᠠᠭᠤᠯᠠᠨ ᠤᠷᠬᠢᠯ ᠪᠠ ᠡᠯᠪᠡᠭ ᠪᠠᠶᠠᠯᠢᠭ ᠪᠠᠶᠢᠭᠠᠯᠢ ᠶᠢᠨ ᠦᠵᠡᠮᠵᠢ ᠪᠠᠷ ᠢᠶᠠᠨ ᠵᠢᠭᠤᠯᠴᠢᠯᠠᠬᠴᠢᠳ ᠤᠨ ᠲᠤᠷ᠎ᠠ ᠰᠤᠨᠢᠷᠬᠠᠯ ᠢ ᠲᠠᠳᠠᠪᠠ᠃ ᠤᠯᠤᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ᠂ ᠵᠢᠭᠤᠯᠴᠢᠯᠠᠬᠴᠢᠳ ᠪᠤᠬᠳᠠ ᠠᠭᠤᠯᠠᠨ ᠳᠤ ᠠᠪᠠᠷᠢᠵᠦ᠂ ᠭᠤᠶᠤ ᠰᠠᠶᠢᠬᠠᠨ ᠪᠠᠶᠢᠭᠠᠯᠢ ᠶᠢᠨ ᠦᠵᠡᠮᠵᠢ ᠶᠢ ᠰᠤᠨᠢᠷᠬᠠᠵᠦ᠂ ᠰᠡᠳᠭᠢᠯ ᠰᠠᠨᠠᠭ᠎ᠠ ᠪᠠᠨ ᠰᠡᠷᠭᠦᠭᠡᠵᠠᠢ᠃      ᠪᠠᠶᠠᠨᠳᠠᠯ᠎ᠠ ᠭᠤᠤᠯ ᠤᠨ ᠬᠦᠨᠳᠡᠢ ᠠᠮᠢ ᠠᠬᠤᠢ ᠰᠤᠶᠤᠯ ᠵᠢᠭᠤᠯᠴᠢᠯᠠᠯ ᠤᠨ ᠦᠵᠡᠮᠵᠢ ᠶᠢᠨ ᠤᠷᠤᠨ ᠤ ᠭᠤᠤᠯ ᠤᠨ ᠬᠦᠨᠳᠡᠢ᠂ ᠤᠢ ᠰᠢᠭᠤᠢ᠂ ᠲᠠᠯ᠎ᠠ ᠨᠤᠳᠤᠭ᠂ ᠬᠠᠪᠴᠢᠯ ᠬᠦᠨᠳᠡᠢ ᠪᠠ ᠬᠦᠳᠡᠭᠡ ᠨᠤᠳᠤᠭ ᠤᠨ ᠦᠵᠡᠮᠵᠢ ᠪᠠᠷ ᠢᠶᠠᠨ ᠵᠢᠭᠤᠯᠴᠢᠯᠠᠬᠴᠢᠳ ᠤᠨ ᠰᠤᠨᠢᠷᠬᠠᠯ ᠢ ᠲᠠᠳᠠᠪᠠ᠃      ᠬᠦᠢᠯᠡᠰᠦᠨ ᠴᠡᠴᠡᠭᠳᠤ ᠠᠭᠤᠯᠠ ᠶᠢᠨ ᠬᠦᠳᠡᠭᠡ ᠨᠤᠳᠤᠭ ᠤᠨ ᠵᠢᠭᠤᠯᠴᠢᠯᠠᠯ ᠤᠨ ᠤᠷᠤᠨ ᠳᠠᠬᠢ ᠲᠤᠳᠤᠷᠭᠠᠨ ᠲᠠᠷᠢᠶ᠎ᠠ᠂ ᠵᠢᠮᠢᠰ ᠤᠨ ᠬᠦᠷᠢᠶᠡᠯᠡᠩ ᠨᠢ ᠬᠦᠳᠡᠭᠡ ᠨᠤᠳᠤᠭ ᠤᠨ ᠭᠤᠶᠤ ᠦᠵᠡᠮᠵᠢ ᠪᠠ ᠪᠤᠷᠤᠬᠵᠢᠭᠤᠨ ᠠᠮᠢᠳᠦᠷᠠᠯ ᠢ ᠵᠢᠭᠤᠯᠴᠢᠯᠠᠬᠴᠢᠳ ᠲᠤ ᠤᠶᠢᠯᠠᠭᠠᠭᠤᠯᠵᠠᠢ᠃ ᠵᠢᠭᠤᠯᠴᠢᠯᠠᠬᠴᠢᠳ ᠪᠠᠰᠠ ᠲᠠᠷᠢᠶᠠᠨ ᠠᠵᠢᠯ ᠳᠤ ᠤᠷᠤᠯᠴᠠᠵᠦ᠂ ᠠᠮᠳᠠᠳᠤ ᠢᠳᠠᠬᠡᠨ ᠵᠤᠭᠤᠬᠯᠠᠨ᠂ ᠲᠠᠷᠢᠶᠠᠯᠠᠩ ᠤᠨ ᠦᠢᠯᠡᠳᠬᠦᠨ ᠢ ᠬᠤᠳᠠᠯᠳᠤᠨ ᠠᠪᠴᠤ ᠭᠠᠨᠵᠤᠭ᠎ᠠ ᠲᠦᠭᠦᠷᠡᠩ ᠪᠤᠴᠠᠯ᠎ᠠ᠃      ᠲᠤᠷᠠᠨ ᠨᠠᠭᠤᠷ ᠴᠡᠴᠡᠷᠯᠢᠭ ᠤᠡᠭᠭᠤᠴᠠ ᠰᠡᠯᠢᠬᠦ᠂ ᠰᠤᠯᠠ ᠠᠯᠬᠤᠯᠠᠬᠤ ᠪᠠ ᠴᠠᠭᠠᠰᠦᠨ ᠰᠢᠪᠠᠭᠤ ᠨᠢᠰᠬᠡᠬᠦ ᠵᠡᠷᠭᠡ ᠨᠠᠭᠠᠳᠤᠮ ᠤᠨ ᠵᠦᠢᠯ ᠲᠤᠬᠢᠷᠠᠭᠤᠯᠵᠦ᠂ ᠵᠢᠭᠤᠯᠴᠢᠯᠠᠬᠴᠢᠳ ᠲᠤ ᠮᠠᠷᠳᠠᠬᠳᠠᠰᠢ ᠦᠭᠡᠢ ᠲᠤᠷᠠᠰᠬᠠᠯ ᠦᠯᠡᠳᠡᠭᠡᠯ᠎ᠠ᠃ᠴᠤᠤᠯ ᠭᠤᠤᠯ ᠤᠨ ᠲᠠᠷᠢᠶᠠᠯᠠᠬᠤ ᠰᠤᠶᠤᠯ ᠤᠨ ᠮᠦᠽᠸᠢ ᠲᠠᠷᠢᠶᠠᠯᠠᠬᠤ ᠪᠠᠭᠠᠵᠢ ᠬᠡᠷᠡᠭᠰᠡᠯ᠂ ᠪᠤᠳᠠᠳᠤ ᠪᠤᠳᠠᠰ ᠪᠠ ᠵᠢᠷᠤᠬᠳᠤ ᠮᠠᠲ᠋ᠧᠷᠢᠶᠠᠯ ᠢ ᠲᠡᠯᠭᠡᠨ ᠦᠵᠡᠭᠦᠯᠵᠦ᠂ ᠠᠬᠠᠮᠡᠳ ᠨᠢᠬᠡ ᠦᠶ᠎ᠡ ᠶᠢᠨ ᠬᠢᠨ ᠤ ᠰᠢᠷᠭᠠᠭᠤ ᠬᠦᠳᠡᠯᠮᠦᠷᠢ᠂ ᠲᠠᠷᠢᠶᠠᠯᠠᠬᠤ ᠰᠤᠶᠤᠯ ᠤᠨ ᠷᠢᠳᠢ ᠰᠢᠳᠢ ᠵᠢᠴᠢ ᠲᠠᠷᠢᠶᠠᠯᠠᠬᠤ ᠰᠤᠶᠤᠯ ᠤᠨ ᠪᠤᠯᠪᠠᠰᠦᠨ ᠢ ᠵᠢᠭᠤᠯᠴᠢᠯᠠᠬᠴᠢᠳ ᠲᠤ ᠤᠶᠢᠯᠠᠭᠠᠭᠤᠯᠵᠠᠢ᠃      ᠵᠠᠯᠠᠶᠢᠳ ᠬᠤᠰᠢᠭᠤ ᠡᠶᠢᠮᠦᠷᠭᠦ ᠦᠪᠡᠷᠮᠢᠴᠡ ᠪᠠᠶᠢᠭᠠᠯᠢ ᠶᠢᠨ ᠦᠡᠭᠭᠡ ᠦᠵᠡᠮᠵᠢ ᠪᠠᠷ ᠢᠶᠠᠨ ᠬᠤᠯᠠ ᠤᠶᠢᠷ᠎ᠠ ᠶᠢᠨ ᠵᠢᠭᠤᠯᠴᠢᠯᠠᠬᠴᠢᠳ ᠤᠨ ᠠᠩᠬᠠᠷᠦᠯ ᠪᠠᠭ᠋ᠠᠷᠬᠠᠯ ᠢ ᠲᠠᠳᠠᠵᠦ᠂ ᠤᠯᠤᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭ᠎ᠠ ᠶᠢ ᠤᠳᠬ᠎ᠠ ᠠᠭᠤᠯᠭ᠎ᠠ ᠲᠠᠢ ᠦᠩᠭᠡᠷᠡᠭᠦᠯᠬᠦ ᠳᠤ ᠬᠤᠪᠤᠷ ᠨᠨᠨᠳᠢᠨ ᠵᠠᠪᠰᠢᠶᠠᠨ ᠤᠯᠭᠤᠬᠰᠠᠨ ᠪᠠᠶᠢᠨ᠎ᠠ᠃ ︵ ᠰᠢᠤ ᠰᠢᠤ  ᠰᠡᠷᠭᠦᠯᠡᠩ  ᠪᠠᠢ ᠰᠢᠤ ᠰᠢᠶᠠ  ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号