| ᠵᠠᠯᠠᠶᠢᠳ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶ᠎ᠠ ᠨᠠᠮ ᠤᠨ ᠪᠠᠶᠢᠭᠤᠯᠤᠯᠳᠠ ᠪᠠᠷ ᠲᠠᠶᠢᠴᠢᠯᠠᠨ | ᠲᠠᠭᠠᠭᠤᠯᠬᠤ ᠪᠠ ᠨᠡᠶᠢᠳᠠᠮ ᠪᠠᠶᠢᠴᠠᠭᠠᠯᠳᠠ ᠶᠢᠨ ᠠᠵᠢᠯ ᠤᠨ ᠡᠬᠦᠷᠭᠡ ᠶᠢ ᠨᠠᠶᠢᠳᠠᠪᠤᠷᠢᠵᠢᠭᠤᠯᠬᠤ ᠶᠢ ᠤᠷᠭᠠᠨᠢᠭ ᠢᠶᠠᠷ | ᠤᠶᠠᠯᠳᠤᠭᠤᠯᠵᠦ᠂ ︽ᠡᠷᠳᠠ ᠲᠦᠯᠤᠪᠯᠡᠨ᠂ ᠴᠢᠩᠭ᠎ᠠ ᠨᠢᠮᠪᠠᠢ ᠨᠠᠶᠢᠳᠠᠪᠤᠷᠢᠵᠢᠭᠤᠯᠬᠤ︾ ᠠᠵᠢᠯ ᠤᠨ ᠵᠠᠷᠴᠢᠮ ᠢ | ᠵᠢᠷᠤᠮᠯᠡᠨ᠂ ᠨᠠᠷᠢᠯᠢᠭ᠂ ᠪᠤᠳᠠᠳᠠᠢ ᠠᠵᠢᠯ ᠤᠨ ᠤᠪᠤᠷ ᠢ ᠪᠠᠳᠠᠷᠠᠭᠤᠯᠵᠤ᠂ ᠡᠷᠳᠠ ᠬᠦᠳᠡᠯᠤᠯᠴᠠᠨ᠂ ᠨᠡᠶᠢᠳᠠᠮ | ᠪᠠᠶᠢᠴᠠᠭᠠᠯᠳᠠ ᠶᠢᠨ ᠠᠵᠢᠯ ᠢ ᠨᠠᠷᠢᠯᠢᠭ ᠰᠠᠶᠢᠳᠤᠷ ᠬᠢᠵᠤ᠂ ᠲᠤᠭ᠎ᠠ ᠪᠦᠷᠢᠳᠭᠡᠯ ᠤᠨ ᠰᠠᠭᠤᠷᠢ ᠶᠢ ᠤᠯᠠᠮ ᠨᠢᠭᠡ | ᠠᠯᠬᠤᠮ ᠪᠠᠳᠤᠳᠬᠠᠨ᠂ ︽ᠬᠤᠶᠠᠷ ᠶᠡᠭᠡ ᠶᠠᠪᠤᠳᠠᠯ︾ ᠢ ᠨᠡᠩ ᠰᠠᠶᠢᠳᠤᠷ ᠪᠡᠶᠡᠯᠡᠬᠦᠯᠬᠦ ᠳᠤ ᠪᠦᠬᠦ ᠲᠠᠯ᠎ᠠ ᠶᠢᠨ᠂ | ᠦᠨᠡᠨ ᠪᠤᠳᠠᠳᠠᠢ᠂ ᠤᠨᠤᠴᠠᠳᠠᠢ ᠲᠤᠭ᠎ᠠ ᠪᠠᠷᠢᠮᠳᠠ ᠶᠢᠨ ᠲᠤᠯᠭᠠᠭᠤᠷᠢᠯᠠᠯ ᠬᠠᠩᠭᠠᠪᠠ᠃ | ᠵᠠᠯᠠᠶᠢᠳ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶ᠎ᠠ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠨ | ᠂ ᠪᠦᠬᠦ ᠤᠯᠤᠰ ᠤᠨ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠠᠮ ᠪᠠᠶᠢᠴᠠᠭᠠᠯᠳᠠ ᠶᠢ ᠰᠠᠶᠢᠳᠤᠷ ᠬᠢᠵᠦ ᠪᠤᠢ | ᠃ ᠨᠠᠮ ᠤᠨ ᠪᠠᠶᠢᠭᠤᠯᠤᠯᠳᠠ ᠪᠠᠷ ᠲᠠᠶᠢᠴᠢᠯᠠᠨ ᠲᠠᠭᠠᠭᠤᠯᠵᠦ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ | ᠴᠢᠨᠠᠷ ᠢ ᠴᠢᠩᠭᠠᠳᠬᠠᠬᠤ᠂ ᠦᠢᠯᠡᠳᠤᠯᠭᠡ ᠶᠢ ᠴᠢᠬᠤᠯᠠᠴᠢᠯᠠᠬᠤ᠂ ᠰᠢᠨ᠎ᠠ ᠭᠠᠪᠢᠶ᠎ᠠ ᠪᠠᠶᠢᠭᠤᠯᠬᠤ︾ ᠶᠠᠷᠤᠩᠬᠡᠢ | ᠱᠠᠭᠠᠷᠳᠠᠯᠭ᠎ᠠ ᠶᠢ ᠪᠠᠷᠢᠮᠳᠠᠯᠠᠨ᠂ ᠰᠤᠷᠤᠯᠴᠠᠯᠭ᠎ᠠ ᠪᠠᠷ ᠰᠦᠭ ᠰᠦᠨᠡᠰᠤ ᠶᠢ ᠱᠤᠭᠤᠬᠤ᠂ ᠰᠤᠷᠤᠯᠴᠠᠯᠭ᠎ᠠ ᠪᠠᠷ ᠤᠶᠤᠨ | ᠤᠬᠠᠭᠠᠨ ᠢ ᠰᠡᠭᠡᠷᠡᠭᠦᠯᠬᠦ᠂ ᠰᠤᠷᠤᠯᠴᠠᠯᠭ᠎ᠠ ᠪᠠᠷ ᠰᠤᠷᠳᠠᠯ ᠢ ᠲᠦᠪ ᠪᠤᠯᠭᠠᠬᠤ᠂ ᠰᠤᠷᠤᠯᠴᠠᠯᠭ᠎ᠠ ᠪᠠᠷ ᠠᠵᠢᠯ ᠢᠶᠠᠨ | ᠠᠬᠢᠭᠤᠯᠬᠤ ᠲᠡᠭᠡᠷ᠎ᠠ ᠬᠦᠴᠤᠯᠡᠵᠤ᠂ ᠲᠤᠭ᠎ᠠ ᠪᠦᠷᠢᠳᠭᠡᠯ ᠤᠨ ᠠᠵᠢᠯ ᠢᠶᠠᠨ ᠴᠢᠨᠠᠷ ᠰᠠᠶᠢᠳᠠᠢ ᠪᠡᠶᠡᠯᠡᠭᠦᠯᠵᠦ ᠪᠠᠶᠢᠨ᠎ᠠ᠃ | ᠪᠦᠬᠦ ᠤᠯᠤᠰ ᠤᠨ ᠲᠠᠪᠤᠳᠤᠭᠠᠷ ᠤᠳᠠᠭᠠᠨ ᠤ ᠲᠤᠭ᠎ᠠ ᠪᠦᠷᠢᠳᠭᠡᠯ ᠤᠨ ᠨᠡᠶᠢᠳᠠᠮ ᠪᠠᠶᠢᠴᠠᠭᠠᠯᠳᠠ ᠶᠢᠨ ᠠᠵᠢᠯ ᠲᠠᠢ | ᠤᠶᠠᠯᠳᠤᠭᠤᠯᠤᠨ᠂ ᠮᠡᠷᠭᠡᠵᠢᠯ ᠤᠨ ᠴᠢᠳᠠᠪᠬᠢ ᠶᠢᠨ ᠤᠷᠤᠯᠳᠤᠭᠠᠨ ᠦᠷᠨᠢᠬᠦᠯᠵᠦ᠂ ᠭᠤᠤᠯ ᠰᠡᠳᠤᠪᠳᠤ ᠬᠦᠮᠤᠵᠢᠯ ᠤᠨ | ᠦᠷ᠎ᠠ ᠪᠦᠳᠤᠮᠵᠢ ᠶᠢ ᠪᠦᠬᠦ ᠤᠯᠤᠰ ᠤᠨ ᠲᠠᠪᠤᠳᠤᠭᠠᠷ ᠤᠳᠠᠭᠠᠨ ᠤ ᠲᠤᠭ᠎ᠠ ᠪᠦᠷᠢᠳᠭᠡᠯ ᠤᠨ ᠨᠡᠶᠢᠳᠠᠮ | ᠪᠠᠶᠢᠴᠠᠭᠠᠯᠳᠠ ᠶᠢᠨ ᠤᠯᠤᠰ ᠲᠦᠷᠤ ᠶᠢᠨ ᠤᠬᠠᠮᠰᠠᠷ ᠪᠤᠯᠭᠠᠨ ᠬᠤᠪᠢᠷᠠᠭᠤᠯᠤᠨ᠂ ᠪᠦᠬᠦ ᠤᠯᠤᠰ ᠤᠨ ᠲᠠᠪᠤᠳᠤᠭᠠᠷ | ᠤᠳᠠᠭᠠᠨ ᠤ ᠲᠤᠭ᠎ᠠ ᠪᠦᠷᠢᠳᠭᠡᠯ ᠤᠨ ᠨᠡᠶᠢᠳᠠᠮ ᠪᠠᠶᠢᠴᠠᠭᠠᠯᠳᠠ ᠶᠢᠨ ᠠᠵᠢᠯ ᠢ ᠰᠠᠶᠢᠳᠤᠷ ᠬᠢᠵᠦ ᠪᠤᠢ᠃ | ᠲᠤᠰ ᠲᠤᠪᠴᠢᠶ᠎ᠠ ᠪᠠᠰᠠ ᠺᠠᠳ᠋ᠷ ᠤᠨ ᠬᠡᠪ ᠴᠢᠨᠠᠷ ᠢ ᠲᠡᠭᠡᠭᠰᠢᠯᠡᠬᠦᠯᠬᠦ ᠪᠠᠷ ᠪᠤᠯᠪᠠᠰᠤᠷᠠᠯ ᠤᠨ ᠪᠦᠬᠦ ᠵᠢᠯ ᠤᠨ | ᠲᠦᠯᠤᠪᠯᠡᠭᠡ ᠲᠤᠭᠳᠠᠭᠠᠵᠤ᠂ ᠦᠨᠳᠤᠰᠤᠨ ᠱᠠᠳᠤᠨ ᠤ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠢ 30 ᠭᠠᠷᠤᠢ | ᠤᠳᠠᠭ᠎ᠠ ᠦᠷᠨᠢᠬᠦᠯᠪᠠ᠃ ᠬᠡᠬᠦ ᠳᠡᠭᠡᠨ ᠦᠨᠳᠤᠰᠤᠨ ᠱᠠᠳᠤᠨ ᠤ ᠲᠤᠭ᠎ᠠ ᠪᠦᠷᠢᠳᠭᠡᠯ ᠤᠨ ᠪᠦᠳᠤᠭᠡᠨ | ᠪᠠᠶᠢᠭᠤᠯᠤᠯᠳᠠ ᠶᠢ ᠲᠦᠷᠢᠮᠵᠢᠭᠦᠯᠵᠦ᠂ ᠲᠤᠭ᠎ᠠ ᠪᠦᠷᠢᠳᠭᠡᠯ ᠤᠨ ᠬᠠᠥᠯᠢ ᠴᠠᠭᠠᠵᠠ ᠬᠠᠥᠯᠢ ᠲᠦᠷᠢᠮ ᠲᠤᠬᠳᠠᠭᠠᠨ᠂ | ᠠᠵᠤ ᠠᠬᠤᠢ ᠶᠢᠨ ᠨᠡᠶᠢᠳᠠᠮ ᠪᠠᠶᠢᠴᠠᠭᠠᠯᠳᠠ ᠶᠢᠨ ᠬᠠᠮᠢᠶ᠎ᠠ ᠪᠦᠬᠦᠢ ᠠᠭᠤᠯᠭ᠎ᠠ ᠪᠠᠷ ᠪᠤᠯᠪᠠᠰᠤᠷᠠᠯ ᠤᠨ ᠭᠤᠤᠯ | ᠠᠭᠤᠯᠭ᠎ᠠ ᠪᠤᠯᠭᠠᠵᠦ᠂ ᠲᠤᠭ᠎ᠠ ᠪᠦᠷᠢᠳᠭᠡᠯ ᠤᠨ ᠠᠵᠢᠯᠳᠠᠨ ᠤ ᠬᠡᠪ ᠴᠢᠨᠠᠷ ᠢ ᠲᠡᠭᠡᠭᠰᠢᠯᠡᠬᠦᠯᠪᠡ᠃ | ︽ᠡᠮᠤᠨᠡᠬᠡᠨ ᠭᠠᠷ ᠤᠳᠠᠰᠤᠨ ᠤ ᠴᠠᠬᠢᠮ ᠮᠡᠳᠡᠭᠡ᠂ ᠤᠬᠠᠭᠤᠯᠭ᠎ᠠ ᠶᠢᠨ ᠵᠢᠷᠤᠭ ᠵᠡᠷᠭᠡ ᠶᠢ ᠠᠰᠢᠬᠯᠠᠵᠦ ᠠᠵᠤ | ᠠᠬᠤᠢ ᠶᠢᠨ ᠨᠡᠶᠢᠳᠠᠮ ᠪᠠᠶᠢᠴᠠᠭᠠᠯᠳᠠ ᠶᠢᠨ ᠠᠵᠢᠯᠯᠠᠭ᠎ᠠ ᠦᠷᠨᠢᠬᠦᠯᠵᠦ᠂ ᠨᠡᠶᠢᠳᠠᠮ ᠪᠠᠶᠢᠴᠠᠭᠠᠯᠳᠠ ᠶᠢ ᠠᠵᠤ | ᠠᠬᠤᠶᠢᠯᠠᠯ ᠤᠨ ᠬᠦᠢᠴᠡᠳᠭᠡᠪᠠᠰᠤ ᠵᠤᠬᠢᠬᠤ ᠡᠭᠦᠷᠭᠡ ᠬᠠᠷᠢᠭᠤᠴᠠᠯᠭ᠎ᠠ ᠪᠤᠯᠭᠠᠵᠠᠢ︾ ᠭᠡᠵᠤ ᠬᠤᠪᠢ ᠶᠢᠨ | ᠡᠵᠡᠩᠨᠡᠯᠳᠠ ᠶᠢᠨ ᠡᠷᠤᠬᠡ ᠯᠢ ᠤᠪᠤᠭᠳᠠᠨ ᠢᠯᠡᠷᠬᠡᠶᠢᠯᠡᠨᠠ᠃ | ᠵᠠᠯᠠᠶᠢᠳ ᠬᠤᠰᠢᠭᠤ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠪᠦᠬᠦ ᠤᠯᠤᠰ ᠤᠨ | ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠠᠮ ᠪᠠᠶᠢᠴᠠᠭᠠᠯᠳᠠ ᠶᠢᠨ ᠠᠵᠢᠯ ᠢ ᠴᠢᠨᠠᠷ ᠰᠠᠶᠢᠳᠠᠢ | ᠪᠡᠶᠡᠯᠡᠭᠦᠯᠬᠦ ᠪᠠᠷ ᠬᠦᠮᠤᠨ ᠤ ᠬᠦᠴᠤ᠂ ᠪᠤᠳᠠᠰ ᠤᠨ ᠬᠦᠴᠤ ᠵᠢᠴᠢ ᠡᠳ᠋ ᠤᠨ ᠬᠦᠴᠤᠨ ᠢᠶᠠᠨ ᠲᠦᠪᠯᠡᠷᠡᠬᠦᠯᠵᠤ᠂ | ᠨᠡᠶᠢᠳᠠᠮ ᠪᠠᠶᠢᠴᠠᠭᠠᠯᠳᠠ ᠶᠢᠨ ᠠᠵᠢᠯ ᠢᠶᠠᠨ ᠡᠮᠬᠢ ᠴᠡᠭᠴᠠᠳᠠᠢ ᠦᠷᠨᠢᠬᠦᠯᠵᠠᠢ᠃ ᠲᠡᠳᠡ ᠪᠠᠰᠠ ᠨᠡᠶᠢᠳᠠᠮ | ᠪᠠᠶᠢᠴᠠᠭᠠᠯᠳᠠ ᠶᠢᠨ ᠪᠠᠶᠢᠭᠤᠯᠤᠮᠵᠢ ᠶᠢ ᠴᠠᠭ ᠲᠤᠬᠠᠢ ᠳᠤᠨᠢ ᠪᠠᠶᠢᠭᠤᠯᠵᠤ᠂ ᠡᠬᠦᠷᠭᠡ ᠬᠠᠷᠢᠭᠤᠴᠠᠯᠭ᠎ᠠ ᠪᠠᠨ | ᠲᠤᠳᠤᠷᠬᠠᠶᠢᠯᠠᠨ᠂ ᠵᠠᠷᠤᠳᠠᠯ ᠢ ᠪᠠᠳᠤᠯᠠᠵᠦ᠂ ᠪᠦᠬᠦ ᠬᠤᠰᠢᠭᠤᠨ ᠤ ᠠᠵᠤ ᠠᠬᠤᠢ ᠶᠢᠨ ᠨᠡᠶᠢᠳᠠᠮ ᠪᠠᠶᠢᠴᠠᠭᠠᠯᠳᠠ ᠶᠢᠨ | ᠠᠵᠢᠯ ᠤᠨ ᠤᠷᠤᠭᠰᠢᠳᠠᠢ ᠶᠠᠪᠤᠭᠳᠠᠬᠤ ᠳᠤ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠬᠠᠩᠭᠠᠵᠠᠢ᠃ ᠪᠦᠷᠢᠳᠭᠡᠯ ᠢ | ᠦᠨᠳᠤᠰᠤᠯᠡᠪᠡᠯ᠂ ᠪᠦᠬᠦ ᠬᠤᠰᠢᠭᠤᠨ ᠳᠤ ᠨᠡᠶᠢᠳᠠᠮ ᠪᠠᠶᠢᠴᠠᠭᠠᠯᠳᠠ ᠶᠢᠨ ᠤᠷᠤᠨ ᠲᠤᠭᠤᠷᠢᠭ ᠨᠡᠶᠢᠳᠠ 240᠂ | ᠨᠡᠶᠢᠳᠠᠮ ᠪᠠᠶᠢᠴᠠᠭᠠᠯᠳᠠ ᠶᠢᠨ ᠵᠢᠵᠢᠭ ᠲᠤᠭᠤᠷᠢᠭ 265 ᠪᠠᠶᠢᠬᠤ ᠶᠢ ᠲᠤᠳᠤᠯᠠᠬᠰᠠᠨ ᠪᠦᠭᠡᠳ 8606 ᠪᠠᠷᠢᠯᠭ᠎ᠠ | ᠪᠠᠶᠢᠬᠤ ᠶᠢ ᠲᠤᠰ ᠲᠤᠰ ᠲᠤᠳᠤᠯᠠᠪᠠ᠃ | ᠵᠠᠯᠠᠶᠢᠳ ᠬᠤᠰᠢᠭᠤᠨ ᠤ ᠠᠵᠤ ᠠᠬᠤᠢ ᠶᠢᠨ ᠨᠡᠶᠢᠳᠠᠮ ᠪᠠᠶᠢᠴᠠᠭᠠᠯᠳᠠ ᠶᠢᠨ ᠠᠯᠪᠠᠨ ᠭᠡᠷ ᠪᠠᠰᠠ ᠵᠠᠮ | ᠬᠠᠷᠢᠯᠴᠠᠭᠠᠨ ᠤ ᠲᠤᠪᠴᠢᠶ᠎ᠠ᠂ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠵᠠᠬ᠎ᠠ ᠲᠡᠯᠭᠡᠬᠦᠷ ᠤᠨ ᠲᠤᠪᠴᠢᠶ᠎ᠠ᠂ | ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠵᠡᠷᠭᠡ ᠰᠠᠯᠠᠭ᠎ᠠ ᠮᠦᠴᠢᠷ ᠲᠠᠢ | ᠬᠤᠯᠪᠤᠭᠠᠯᠠᠨ᠂ ᠬᠠᠶ᠋ᠢᠭ ᠨᠢ ᠲᠤᠳᠤᠷᠬᠠᠢ ᠦᠭᠡᠢ᠂ ᠬᠠᠷᠢᠯᠴᠠᠵᠤ ᠲᠡᠶᠢᠯᠬᠦ ᠦᠭᠡᠢ᠂ ᠰᠢᠨ᠎ᠠ ᠪᠠᠷ ᠡᠵᠡᠩᠨᠡᠭᠰᠡᠨ | ᠲᠡᠯᠭᠡᠬᠦᠷ ᠵᠡᠷᠭᠡ ᠶᠢ ᠪᠠᠶᠢᠴᠠᠭᠠᠬᠤ ᠳᠠᠭᠠᠨ ᠪᠤᠳᠠᠳᠤ ᠴᠤᠭᠴᠡ ᠶᠢᠨ ᠲᠤᠭ᠎ᠠ ᠪᠠᠷᠢᠮᠳᠠ ᠶᠢ ᠦᠨᠳᠦᠰᠦᠯᠡᠨ ᠰᠤᠷᠠᠭ | ᠵᠠᠩᠬᠢ ᠶᠢ ᠰᠢᠨᠡᠳᠭᠡᠵᠤ᠂ ᠨᠡᠶᠢᠳᠡᠮ ᠪᠠᠶᠢᠴᠠᠭᠠᠬᠤ ᠠᠵᠢᠯᠳᠡᠨ ᠲᠡᠯᠭᠡᠭᠦᠷ ᠤᠨ ᠡᠵᠡᠨ ᠤ ᠭᠡᠷ ᠲᠤᠨᠢ ᠬᠦᠷᠴᠤ | ᠲᠠᠩᠰᠠᠯᠠᠨ ᠲᠡᠮᠳᠡᠭᠯᠡᠬᠦ ᠵᠡᠷᠭᠡ ᠠᠷᠭ᠎ᠠ ᠪᠠᠷ ᠲᠡᠯᠭᠡᠭᠦᠷ ᠡᠵᠡᠩᠨᠡᠭᠴᠢ ᠶᠢ ᠨᠢᠭᠡᠳ ᠨᠢᠭᠡ ᠪᠠᠷ ᠲᠤᠳᠤᠷᠬᠠᠢ ᠪᠠᠶᠢᠴᠠᠭᠠᠨ | ᠭᠠᠷᠭᠠᠵᠠᠢ᠃ | ᠲᠤᠰ ᠬᠤᠰᠢᠭᠤ ᠪᠦᠬᠦ ᠤᠯᠤᠰ ᠤᠨ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠠᠮ | ᠪᠠᠶᠢᠴᠠᠭᠠᠯᠳᠠ ᠶᠢᠨ ᠠᠵᠢᠯ ᠤᠨ ᠡᠭᠦᠷᠭᠡ ᠪᠠᠨ ᠰᠤᠮᠤ ᠰᠢᠶᠠᠩ ᠪᠠᠯᠭᠠᠰᠤ ᠨᠡᠶᠢᠭᠡᠮ ᠲᠤᠭᠤᠷᠢᠭ ᠬᠦᠷᠳᠡᠯ᠎ᠠ | ᠨᠠᠶᠢᠳᠠᠪᠤᠷᠢᠵᠢᠭᠤᠯᠵᠤ᠂ ᠲᠤᠰᠬᠠᠢ ᠪᠠᠶᠢᠴᠠᠭᠠᠭᠴᠢ ᠲᠤᠬᠢᠷᠠᠭᠤᠯᠤᠨ᠂ ᠠᠵᠤ ᠠᠬᠤᠢ ᠶᠢᠨ ᠨᠡᠶᠢᠳᠠᠮ ᠪᠠᠶᠢᠴᠠᠭᠠᠯᠳᠠ ᠶᠢᠨ | ᠠᠵᠢᠯ ᠤᠨ ᠤᠷᠤᠭᠰᠢᠳᠠᠢ ᠶᠠᠪᠤᠬᠳᠠᠬᠤ ᠶᠢ ᠪᠠᠳᠤᠯᠠᠬᠰᠠᠨ ᠪᠠᠶᠢᠨ᠎ᠠ᠃ | ᠡᠨᠡ ᠵᠢᠯ ᠤᠨ 1 ᠰᠠᠷ᠎ᠠ ᠶᠢᠨ 1 ᠤ ᠡᠳᠤᠷ ᠠᠴᠠ ᠡᠬᠢᠯᠡᠨ᠂ ᠪᠦᠬᠦ ᠬᠤᠰᠢᠭᠤᠨ ᠤ ᠨᠡᠶᠢᠳᠠᠮ | ᠪᠠᠶᠢᠴᠠᠭᠠᠯᠳᠠ ᠶᠢᠨ 452 ᠵᠢᠭᠠᠨ ᠵᠢᠯᠤᠭᠤᠳᠤᠭᠴᠢ ᠪᠠ ᠨᠡᠶᠢᠳᠠᠮ ᠪᠠᠶᠢᠴᠠᠭᠠᠭᠴᠢ ᠨᠢᠭᠡᠳᠤᠬᠡᠷ ᠹᠷᠤᠨᠲ ᠢᠶᠠᠷ | ᠬᠦᠨᠵᠡᠭᠡᠶᠢᠷᠡᠨ᠂ ᠨᠠᠷᠢᠨ ᠬᠢᠨᠠᠮᠠᠭᠠᠢ ᠠᠵᠢᠯᠯᠠᠵᠤ᠂ ᠠᠵᠢᠯ ᠤᠨ ᠬᠢᠴᠢᠶᠡᠩᠬᠦᠢ ᠤᠪᠤᠷ ᠢᠶᠠᠷ ᠲᠤᠭ᠎ᠠ ᠪᠠᠷᠢᠮᠳᠠ ᠶᠢᠨ | ᠪᠤᠭᠤᠮᠳᠠ ᠶᠢ ᠴᠢᠩᠭ᠎ᠠ ᠰᠠᠬᠢᠵᠦ᠂ ᠪᠤᠳᠠᠳᠤ ᠦᠢᠯᠠ ᠠᠵᠢᠯᠯᠠᠭ᠎ᠠ ᠪᠠᠷ ᠢᠶᠠᠨ ᠡᠬᠦᠷᠭᠡ ᠬᠠᠷᠢᠭᠤᠴᠠᠯᠭ᠎ᠠ ᠪᠠᠨ | ᠬᠦᠢᠴᠡᠳᠭᠡᠪᠡ᠃ | ᠵᠠᠯᠠᠶᠢᠳ ᠬᠤᠰᠢᠭᠤᠨ ᠤ ᠲᠤᠭ᠎ᠠ ᠪᠦᠷᠢᠳᠭᠡᠯ ᠤᠨ ᠲᠤᠪᠴᠢᠶ᠎ᠠ ᠪᠦᠬᠦ ᠤᠯᠤᠰ ᠤᠨ ᠲᠠᠪᠤᠳᠤᠭᠠᠷ ᠤᠳᠠᠭᠠᠨ ᠤ | ᠠᠵᠦ ᠠᠬᠤᠢ ᠶᠢᠨ ᠨᠡᠶᠢᠳᠠᠮ ᠪᠠᠶᠢᠴᠠᠭᠠᠯᠳᠠ ᠶᠢᠨ ᠠᠵᠢᠯ ᠢ ᠰᠠᠶᠢᠳᠤᠷ ᠤᠬᠠᠭᠤᠯᠬᠤ ᠪᠠᠷ ᠤᠬᠠᠭᠤᠯᠭ᠎ᠠ ᠶᠢᠨ | ᠰᠠᠷ᠎ᠠ ᠶᠢᠨ ᠲᠤᠰᠬᠠᠢ ᠠᠵᠢᠯᠯᠠᠭ᠎ᠠ ᠦᠷᠨᠢᠬᠦᠯᠵᠦ᠂ ᠷᠠᠳᠢᠣ᠋᠂ ᠲᠧᠯᠸᠢᠰ᠂ ᠲᠤᠮᠤ ᠬᠡᠯᠪᠡᠷᠢ ᠶᠢᠨ ᠵᠠᠷ ᠮᠡᠳᠡᠭᠡ ᠶᠢᠨ | ᠫᠠᠶᠢᠰᠠ ᠵᠡᠷᠭᠡ ᠶᠢ ᠬᠦᠢᠴᠡᠳ ᠠᠰᠢᠭᠯᠠᠨ ᠠᠵᠤ ᠠᠬᠤᠢ ᠶᠢᠨ ᠨᠡᠶᠢᠳᠠᠮ ᠪᠠᠶᠢᠴᠠᠭᠠᠯᠳᠠ ᠶᠢᠨ ᠠᠵᠢᠯ ᠢ ᠦᠷᠭᠡᠨ ᠢᠶᠠᠷ | ᠤᠬᠠᠭᠤᠯᠵᠦ᠂ ᠪᠦᠬᠦ ᠨᠡᠶᠢᠭᠡᠮ ᠢ ᠪᠦᠳᠦᠮᠵᠢᠳᠠᠢ ᠲᠠᠶᠢᠴᠢᠯᠠᠵᠠᠢ᠃ ᠲᠤᠰ ᠲᠤᠪᠴᠢᠶ᠎ᠠ ᠪᠠᠰᠠ ᠸᠢᠳᠢᠣ᠋ ᠶᠢ ᠠᠰᠢᠬᠯᠠᠨ | ᠪᠦᠬᠦ ᠬᠤᠰᠢᠭᠤᠨ ᠤ ᠨᠡᠶᠢᠳᠠᠮ ᠪᠠᠶᠢᠴᠠᠭᠠᠯᠳᠠ ᠶᠢᠨ ᠠᠵᠢᠯᠳᠠᠨ ᠢᠶᠠᠷ ᠲᠤᠬᠠᠶᠢᠯᠠᠬᠰᠠᠨ ᠠᠵᠢᠯ ᠤᠨ ᠲᠤᠬᠠᠢ ᠰᠡᠳᠦᠪ | ᠬᠢᠯᠭᠡᠨ᠂ ︽ᠲᠤᠰᠬᠤᠨ ᠪᠦᠷᠢ ᠳᠤ ᠨᠡᠪᠳᠡᠷᠡᠬᠦᠯᠬᠦ︾ ᠷᠠᠳᠢᠣ᠋ ᠪᠠᠷ ᠪᠦᠬᠦ ᠤᠯᠤᠰ ᠤᠨ ᠲᠠᠪᠤᠳᠤᠭᠠᠷ ᠤᠳᠠᠭᠠᠨ ᠤ ᠠᠵᠤ | ᠠᠬᠤᠢ ᠶᠢᠨ ᠨᠡᠶᠢᠳᠠᠮ ᠪᠠᠶᠢᠴᠠᠭᠠᠯᠳᠠ ᠶᠢᠨ ᠮᠡᠳᠡᠯᠭᠡ ᠶᠢ ᠤᠯᠠᠨ ᠲᠦᠮᠡᠨ ᠳᠤ ᠤᠬᠠᠭᠤᠯᠵᠠᠢ᠃ ᠲᠤᠰ ᠬᠤᠰᠢᠭᠤ ᠡᠯ᠎ᠠ | ᠰᠤᠮᠤ ᠰᠢᠶᠠᠩ ᠪᠠᠯᠭᠠᠰᠤ ᠪᠠᠷ 20 ᠭᠠᠷᠤᠢ ᠤᠬᠠᠭᠤᠯᠭ᠎ᠠ ᠶᠢᠨ ᠪᠢᠴᠢᠭᠡᠰᠤ ᠡᠯᠭᠦᠨ᠂ 2000 ᠭᠠᠷᠤᠢ | ᠤᠬᠠᠭᠤᠯᠭ᠎ᠠ ᠶᠢᠨ ᠲᠡᠪᠳᠠᠷ᠂ 20000 ᠭᠠᠷᠤᠢ ᠮᠡᠳᠡᠭᠳᠡᠯ ᠤᠨ ᠪᠢᠴᠢᠭ᠂ 140 ᠲᠡᠪᠳᠠᠷ ᠪᠠᠶᠢᠴᠠᠭᠠᠯᠳᠠ ᠶᠢᠨ | ᠲᠦᠰᠥᠪ ᠲᠠᠷᠬᠠᠭᠠᠨ᠂ ᠠᠵᠤ ᠠᠬᠤᠢ ᠶᠢᠨ ᠨᠡᠶᠢᠳᠠᠮ ᠪᠠᠶᠢᠴᠠᠭᠠᠯᠳᠠ ᠶᠢᠨ ᠮᠡᠳᠡᠯᠭᠡ ᠶᠢ ᠲᠠᠷᠤᠮᠠᠯᠯᠠᠭᠰᠠᠨ ᠴᠤᠮᠤ᠂ | ᠠᠮᠠᠪᠴᠢ᠂ ᠪᠤᠷᠤᠭᠠᠨ ᠤ ᠰᠢᠬᠦᠷ ᠢ ᠤᠯᠠᠨ ᠲᠦᠮᠡᠨ ᠳᠤ ᠲᠠᠷᠬᠠᠭᠠᠨ ᠦᠭᠴᠦ ᠤᠬᠠᠭᠤᠯᠭ᠎ᠠ ᠶᠢᠨ ᠬᠦᠴᠦᠯᠡᠴᠡ ᠪᠠᠨ | ᠴᠢᠩᠭᠠᠷᠠᠭᠤᠯᠪᠠ᠃ | ︽ᠠᠵᠤ ᠠᠬᠤᠢ ᠶᠢᠨ ᠨᠡᠶᠢᠳᠠᠮ ᠪᠠᠶᠢᠴᠠᠭᠠᠯᠳᠠ ᠪᠤᠯ ᠤᠯᠤᠰ ᠤᠨ ᠲᠤᠮᠤ ᠶᠠᠪᠤᠳᠠᠯ᠂ ᠨᠡᠩ ᠴᠤ ᠪᠢᠳᠠᠨ ᠤ ︿ | ᠬᠤᠪᠢ ᠶᠢᠨ ᠶᠠᠪᠤᠳᠠᠯ﹀ ᠪᠤᠯᠤᠨ᠎ᠠ᠂ ᠪᠢᠳᠠ ᠨᠡᠩ ᠨᠠᠷᠢᠨ ᠨᠢᠭᠳᠠ᠂ ᠨᠡᠩ ᠤᠨᠤᠴᠠᠳᠠᠢ᠂ ᠨᠡᠩ ᠴᠢᠩᠭ᠎ᠠ ᠠᠵᠢᠯ ᠤᠨ | ᠤᠪᠤᠷ ᠢᠶᠠᠷ ᠨᠡᠶᠢᠳᠠᠮ ᠪᠠᠶᠢᠴᠠᠭᠠᠯᠳᠠ ᠶᠢᠨ ᠡᠬᠦᠷᠭᠡ ᠪᠠᠨ ᠴᠢᠨᠠᠷ ᠰᠠᠶᠢᠳᠠᠢ ᠪᠡᠶᠡᠯᠡᠭᠦᠯᠦᠨ᠎ᠠ︾ ᠭᠡᠵᠤ ᠪᠦᠬᠦ | ᠤᠯᠤᠰ ᠤᠨ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠠᠮ ᠪᠠᠶᠢᠴᠠᠭᠠᠯᠳᠠ ᠶᠢᠨ ᠵᠠᠯᠠᠶᠢᠳ ᠬᠤᠰᠢᠭᠤᠨ ᠤ | ᠤᠳᠤᠷᠢᠳᠬᠤ ᠲᠤᠭᠤᠶᠢᠯᠠᠩ ᠤᠨ ᠲᠡᠳ᠋ ᠲᠠᠷᠤᠭ᠎ᠠ᠂ ᠵᠠᠯᠠᠶᠢᠳ ᠬᠤᠰᠢᠭᠤᠨ ᠤ ᠲᠤᠭ᠎ᠠ ᠪᠦᠷᠢᠳᠭᠡᠯ ᠤᠨ | ᠲᠤᠪᠴᠢᠶ᠎ᠠ ᠶᠢᠨ ᠲᠠᠷᠤᠭ᠎ᠠ ᠸᠧᠢ ᠱᠤᠸᠠᠩ ᠰᠢ ᠶᠠᠷᠢᠨ᠎ᠠ᠃ ︵ᠴᠤᠯᠮᠤᠨ ᠪᠠᠢ ᠢᠥᠢ ᠯᠢᠶᠠᠩ︶ |