ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/12
     ᠪᠢᠯᠢᠭ ᠤᠨ ᠤᠯᠠᠷᠢᠯ ᠤᠨ ᠶᠢᠰᠦᠨ ᠰᠠᠷ᠎ᠠ ᠶᠢᠨ ᠰᠢᠨ᠎ᠡ ᠶᠢᠨ ᠶᠢᠰᠦᠨ ᠪᠣᠯ ᠳᠤᠮᠳᠠᠳᠤ ᠶᠢᠨ ᠤᠯᠠᠮᠵᠢᠯᠠᠯᠲᠤ ᠪᠠᠶᠠᠷ ᠤᠨ ᠡᠳᠦᠷ — ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠡᠳᠦᠷ ᠪᠤᠯᠤᠨ᠎ᠠ᠃ ᠰᠤᠷᠤᠭᠴᠢᠳ ᠲᠤ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠠᠴᠢ ᠬᠤᠯᠪᠣᠭᠳᠠᠯ ᠪᠠ ᠵᠠᠩ ᠳᠠᠳᠬᠠᠯ ᠢ ᠨᠠᠩ ᠢᠯᠡᠭᠦᠤ ᠣᠶᠢᠯᠠᠭᠠᠭᠤᠯᠵᠤ᠂ ᠨᠠᠰᠤᠲᠠᠶᠢᠴᠤᠳ ᠢᠶᠠᠨ ᠬᠦᠨᠳᠦᠯᠡᠨ ᠬᠠᠶᠢᠷᠠᠯᠠᠬᠤ ᠰᠡᠳᠬᠢᠯᠭᠡ ᠶᠢ ᠨᠢ ᠬᠥᠭᠵᠢᠭᠡᠬᠦ ᠪᠠᠷ ᠤᠶᠢᠷ᠎ᠠ ᠳᠤ᠂ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ︽ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠡᠳᠦᠷ  ᠭᠦᠨ ᠵᠤᠵᠠᠭᠠᠨ ᠠᠴᠢ ᠡᠨᠡᠷᠢᠯ ᠳᠤ ᠲᠠᠯᠠᠷᠬᠠᠬᠶ᠎ᠠ︾ ᠭᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃ ᠡᠨᠡᠬᠦ ᠶᠢᠰᠦᠨ ᠰᠠᠷ᠎ᠠ ᠶᠢᠨ ᠶᠢᠰᠦᠨ ᠤ ᠪᠠᠶᠠᠷ ᠤᠨ ᠨᠠᠰᠤᠲᠠᠶᠢᠴᠤᠳ ᠢᠶᠠᠨ ᠬᠦᠨᠳᠦᠯᠡᠵᠦ ᠨᠠᠰᠤᠲᠠᠶᠢᠴᠤᠳ ᠢᠶᠠᠨ ᠬᠠᠶᠢᠷᠠᠯᠠᠬᠤ ᠠᠵᠢᠯᠯᠠᠭ᠎ᠠ ᠨᠢ ᠰᠤᠷᠤᠭᠴᠢᠳ ᠲᠤ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ ᠤᠨ ᠷᠢᠳᠢ ᠰᠢᠳᠢ ᠶᠢ ᠮᠡᠳᠡᠷᠡᠭᠦᠯᠦᠭᠰᠡᠨ ᠪᠠᠶᠢᠨ᠎ᠠ᠃
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号