2025 ᠣᠨ ᠤ ᠤᠯᠤᠰ ᠤᠨ ᠠᠯᠪᠠᠲᠠᠨ ᠤ ᠰᠢᠯᠭᠠᠯᠲᠠ ᠳᠤ ᠨᠡᠷ᠎ᠡ ᠮᠡᠳᠡᠭᠦᠯᠬᠦ ᠴᠠᠭ ᠲᠣᠭᠲᠠᠯ᠎ᠠ
ᠨᠡᠶᠢᠲᠡᠯᠡᠭᠰᠡᠨ ᠴᠠᠭ᠄
2024/10/14
     ᠣᠶᠢᠷ᠎ᠠ ᠳᠤ᠂ ᠬᠢᠨᠠᠨ ᠪᠤᠳᠤᠬᠤ ᠵᠠᠬᠢᠷᠭ᠎ᠠ ᠶᠢᠨ ᠪᠠᠶᠢᠭᠤᠯᠭ᠎ᠠ ᠵᠢᠴᠢ ᠣᠷᠣᠨ ᠨᠤᠲᠤᠭ ᠲᠤ ᠰᠠᠭᠤᠭ᠎ᠠ ᠣᠨᠴᠠ ᠲᠣᠮᠢᠯᠠᠭᠳᠠᠭᠰᠠᠳ ᠤᠨ ᠬᠡᠷᠡᠭ ᠡᠷᠬᠢᠯᠡᠬᠦ ᠭᠠᠵᠠᠷ ᠬᠠᠮᠢᠶ᠎ᠠ ᠪᠦᠬᠦᠢ ᠮᠡᠳᠡᠭᠡ ᠨᠡᠶᠢᠲᠡᠯᠡᠵᠦ᠂ 2025 ᠣᠨ ᠤ ᠤᠯᠤᠰ ᠤᠨ ᠠᠯᠪᠠᠲᠠᠨ ᠡᠯᠰᠡᠬᠦ ᠰᠢᠯᠭᠠᠯᠳᠠ ᠳᠤ ᠨᠡᠷ᠎ᠠ ᠮᠡᠳᠡᠬᠦᠯᠬᠦ ᠠᠵᠢᠯ 10 ᠰᠠᠷ᠎ᠠ ᠶᠢᠨ 15 ᠤ ᠡᠳᠦᠷ ᠠᠴᠠ ᠡᠬᠢᠯᠡᠨ᠎ᠠ᠃      ᠥᠩᠭᠡᠷᠡᠭᠰᠡᠨ ᠵᠢᠯ ᠤᠳ ᠤᠨ ᠲᠤᠷᠰᠢᠯᠭ᠎ᠠ ᠶᠢ ᠦᠨᠳᠦᠰᠦᠯᠡᠪᠡᠯ᠂ ᠤᠯᠤᠰ ᠤᠨ ᠠᠯᠪᠠᠲᠠᠨ ᠤ ᠰᠢᠯᠭᠠᠯᠲᠠ ᠳᠤ ᠰᠣᠷᠣᠭᠴᠢ ᠡᠯᠰᠡᠬᠦ ᠠᠯᠪᠠᠨ ᠵᠠᠷᠯᠠᠯ 10 ᠰᠠᠷ᠎ᠠ ᠶᠢᠨ ᠳᠤᠮᠳᠠᠴᠢ ᠪᠠᠷ ᠨᠡᠶᠢᠲᠡᠯᠡᠵᠦ᠂ 11 ᠰᠠᠷ᠎ᠠ ᠶᠢᠨ ᠡᠴᠦᠰ᠂ 12 ᠰᠠᠷ᠎ᠠ ᠶᠢᠨ ᠡᠬᠢ ᠪᠠᠷ ᠪᠢᠷ ᠤᠨ ᠰᠢᠯᠭᠠᠯᠲᠠ ᠡᠬᠢᠯᠡᠨ᠎ᠠ᠃ ᠳᠣᠣᠷᠠᠬᠢ ᠪᠣᠯ ᠣᠶᠢᠷ᠎ᠠ ᠶᠢᠨ ᠬᠡᠳᠦᠨ ᠵᠢᠯ ᠤᠨ ᠤᠯᠤᠰ ᠤᠨ ᠠᠯᠪᠠᠲᠠᠨ ᠤ ᠰᠢᠯᠭᠠᠯᠲᠠ ᠶᠢᠨ ᠰᠣᠷᠣᠭᠴᠢ ᠡᠯᠰᠡᠬᠦ ᠠᠯᠪᠠᠨ ᠵᠠᠷᠯᠠᠯ ᠨᠡᠶᠢᠲᠡᠯᠡᠭᠰᠡᠨ ᠴᠠᠭ᠂ ᠨᠡᠷ᠎ᠡ ᠮᠡᠳᠡᠭᠦᠯᠬᠦ ᠴᠠᠭ᠂ ᠬᠢᠷᠢ ᠬᠡᠮ ᠢ ᠬᠢᠨᠠᠨ ᠪᠠᠶᠢᠴᠠᠭᠠᠬᠤ ᠴᠠᠭ᠂ ᠰᠦᠢᠳᠬᠡᠯ ᠲᠤᠰᠢᠶᠠᠬᠤ ᠴᠠᠭ᠂ ᠰᠢᠯᠭᠠᠭᠤᠯᠬᠤ ᠦᠨᠡᠮᠯᠡᠯ ᠳᠠᠷᠤᠮᠠᠯᠯᠠᠬᠤ ᠴᠠᠭ᠂ ᠪᠢᠷ ᠤᠨ ᠰᠢᠯᠭᠠᠯᠲᠠ ᠶᠢᠨ ᠴᠠᠭ᠂ ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠴᠠᠭ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠪᠤᠯᠤᠨ᠎ᠠ᠂ ᠰᠢᠯᠭᠠᠭᠤᠯᠤᠭᠴᠢ ᠳᠤ ᠯᠠᠪᠯᠠᠯᠲᠠ ᠪᠣᠯᠭᠠᠵᠤ᠂ ᠰᠢᠯᠭᠠᠯᠲᠠ ᠳᠤ ᠰᠠᠶᠢᠲᠤᠷ ᠪᠡᠯᠡᠳᠬᠡᠭᠡᠷᠠᠢ︕
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号