ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢ ᠲᠤᠷᠰᠢᠨ ᠠᠵᠢᠯᠯᠠᠭᠤᠯᠪᠠ
ᠨᠡᠶᠢᠲᠡᠯᠡᠭᠰᠡᠨ ᠴᠠᠭ᠄
2024/10/14
    ᠠᠷᠠᠳ ᠤᠨ ᠶᠠᠪᠤᠳᠠᠯ ᠤᠨ ᠶᠠᠮᠤᠨ ᠤ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠨᠠᠰᠤᠵᠢᠯ ᠤᠨ ᠠᠰᠠᠷᠠᠮᠵᠢ ᠶᠢᠨ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢ ᠥᠨᠳᠥᠷ ᠪᠦᠲᠦᠮᠵᠢᠲᠡᠶ ᠪᠠᠷ ᠵᠣᠯᠭᠠᠭᠤᠯᠬᠤ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠠᠷᠠᠳ ᠤᠨ ᠶᠠᠪᠤᠳᠠᠯ ᠤᠨ ᠶᠠᠮᠤᠨ ᠪᠥᠬᠦ ᠤᠯᠤᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ︵https://yanglao.mca.gov.cn︶ ᠢ ᠰᠦᠯᠵᠢᠶᠡᠨ ᠳᠤ ᠲᠤᠷᠰᠢᠨ ᠠᠵᠢᠯᠯᠠᠭᠤᠯᠪᠠ᠃     ᠪᠥᠬᠦ ᠤᠯᠤᠰ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠳᠤ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ᠂ ᠦᠢᠯᠡᠴᠢᠯᠡᠭᠡ ᠶᠢ ᠪᠠᠶᠢᠴᠠᠭᠠᠨ ᠯᠠᠪᠯᠠᠬᠤ᠂ ᠰᠦᠯᠵᠢᠶᠡᠨ ᠲᠡᠭᠡᠷ᠎ᠠ ᠭᠦᠢᠴᠡᠳᠬᠡᠬᠦ ᠵᠡᠷᠭᠡ ᠬᠡᠰᠡᠭ ᠲᠤᠬᠢᠷᠠᠭᠤᠯᠵᠦ᠂ ᠣᠯᠠᠨ ᠨᠡᠶᠢᠲᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯᠲᠠᠨ ᠪᠠ ᠪᠠᠶᠢᠭᠤᠯᠤᠮᠵᠢ ᠵᠡᠷᠭᠡ ᠳᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠦᠢᠯᠡᠴᠢᠯᠡᠭᠡᠨ ᠤ ᠴᠥᠷᠬᠡᠯᠡᠭᠡ ᠪᠠ ᠬᠡᠷᠡᠭ ᠶᠠᠪᠤᠳᠠᠯ ᠭᠦᠢᠴᠡᠳᠬᠡᠬᠦ ᠵᠡᠷᠭᠡ ᠦᠢᠯᠡᠴᠢᠯᠡᠭᠡ ᠬᠠᠩᠭᠠᠬᠤ ᠪᠠᠷ ᠵᠤᠷᠢᠯᠳᠡ ᠪᠤᠯᠭᠠᠵᠠᠢ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号