| 10 ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ ᠠᠴᠠ ᠤᠨᠠᠯᠲᠠ ᠶᠢ ᠬᠡᠮᠵᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠬᠢᠩᠭᠠᠨ | ᠠᠶᠢᠮᠠᠭ ᠤᠨ ᠵᠠᠯᠠᠶᠢᠳ ᠬᠤᠰᠢᠭᠤᠨ ᠤ ᠢᠨᠳᠡᠷ ᠪᠠᠯᠭᠠᠰᠤᠨ ᠤ ᠳ᠋ᠦᠩ ᠹᠠᠩ ᠬᠤᠩ ᠲᠣᠰᠬᠤᠨ ᠤ ᠰᠢᠷ᠎ᠠ ᠪᠤᠷᠴᠠᠭ ᠤᠨ | ᠥᠨᠳᠥᠷ ᠤᠨᠠᠯᠲᠠ ᠶᠢᠨ ᠤᠷᠤᠯᠳᠤᠭᠠᠨ ᠤ ᠵᠢᠱᠢᠶ᠎ᠡ ᠦᠵᠡᠭᠦᠯᠬᠦ ᠲᠠᠷᠢᠶᠠᠨ ᠭᠠᠵᠠᠷ ᠲᠤ ᠪᠣᠳᠠᠲᠠᠢ ᠬᠤᠷᠢᠶᠠᠯᠲᠠ ᠶᠢᠨ | ᠬᠡᠮᠵᠢᠯᠲᠡ ᠬᠢᠵᠦ᠂ 20.95 ᠮᠦ ᠲᠥᠯᠥᠭᠡᠯᠡᠬᠦ ᠴᠢᠨᠠᠷᠲᠠᠢ ᠲᠠᠷᠢᠶᠠᠨ ᠭᠠᠵᠠᠷ ᠢ ᠰᠣᠩᠭᠤᠵᠤ᠂ ᠪᠣᠳᠠᠲᠠᠢ | ᠬᠤᠷᠢᠶᠠᠭᠰᠠᠨ ᠬᠡᠮᠵᠢᠶ᠎ᠡ ᠨᠢ 6656 ᠺᠢᠯᠣᠭ᠍ᠷᠠᠮ ᠪᠠᠶᠢᠵᠤ᠂ ᠤᠰᠤᠨ ᠤ ᠠᠭᠤᠯᠤᠭᠳᠠᠴᠠ ᠨᠢ 11.9% ᠪᠠᠶᠢᠪᠠ᠃ | ᠤᠯᠤᠰ ᠤᠨ ᠰᠢᠷ᠎ᠠ ᠪᠤᠷᠴᠠᠭ ᠤᠨ ᠪᠠᠷᠢᠮᠵᠢᠶᠠᠲᠤ ᠤᠰᠤᠨ ᠤ ᠠᠭᠤᠯᠤᠭᠳᠠᠴᠠ ᠶᠢᠨ 13% ᠪᠠᠷ ᠪᠤᠳᠤᠪᠠᠯ᠂ ᠪᠣᠳᠠᠲᠠᠢ | ᠬᠤᠷᠢᠶᠠᠭᠰᠠᠨ ᠮᠦ ᠪᠦᠷᠢ ᠶᠢᠨ ᠤᠨᠠᠯᠲᠠ ᠨᠢ 321.7 ᠺᠢᠯᠣᠭ᠍ᠷᠠᠮ ᠪᠠᠶᠢᠵᠤ᠂ 2023 ᠣᠨ ᠤ ᠥᠪᠡᠷᠲᠡᠭᠡᠨ ᠵᠠᠰᠠᠬᠤ | ᠣᠷᠣᠨ ᠤ ᠰᠢᠷ᠎ᠠ ᠪᠤᠷᠴᠠᠭ ᠤᠨ ᠲᠠᠯᠠᠪᠠᠶ ᠨᠢᠭᠡᠴᠢ ᠶᠢᠨ ᠤᠨᠠᠯᠲᠠ ᠶᠢᠨ ᠲᠡᠮᠳᠡᠭᠯᠡᠯ ᠤᠨ 316.8 ᠺᠢᠯᠣᠭ᠍ᠷᠠᠮ ᠠᠴᠠ 4. | 9 ᠺᠢᠯᠣᠭ᠍ᠷᠠᠮ ᠳᠡᠭᠡᠭᠰᠢᠯᠡᠵᠦ᠂ ᠮᠠᠨ ᠤ ᠤᠷᠤᠨ ᠤ ᠰᠢᠷ᠎ᠠ ᠪᠤᠷᠴᠠᠭ ᠤᠨ ᠤᠨᠠᠯᠲᠠ ᠶᠢᠨ ᠲᠡᠮᠳᠡᠭᠯᠡᠯ ᠢ ᠳᠠᠬᠢᠨᠲᠠ | ᠰᠢᠨᠡᠳᠬᠡᠪᠡ᠃ | |