ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠤᠨ ᠳᠤᠮᠳᠠ ᠵᠠᠯᠠᠶᠢᠳ ᠬᠤᠰᠢᠭᠤᠨ ᠤ ᠬᠦᠷᠡᠯ ᠪᠠᠯᠭᠠᠰᠤᠨ ᠤ | ᠬᠤᠳᠠᠲᠠᠢ ᠭᠠᠴᠠᠭᠠᠨ ᠤ ᠲᠠᠯ᠎ᠠ ᠨᠤᠲᠤᠭ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ | ᠭᠤᠣᠯ ᠵᠢᠱᠢᠶ᠎ᠡ ᠦᠵᠡᠭᠦᠯᠬᠦ ᠣᠷᠣᠨ ᠤ ᠲᠠᠯ᠎ᠠ ᠨᠤᠲᠤᠭ ᠤᠨ ᠠᠮᠢ ᠠᠬᠤᠢ ᠶᠢᠨ ᠮᠠᠯᠵᠢᠯ ᠤᠨ ᠲᠠᠯᠠᠪᠠᠢ ᠶᠢᠨ | ᠬᠠᠷᠢᠭᠤᠴᠠᠯᠭᠠᠲᠠᠨ ᠴᠧᠨ ᠬᠦᠢ ᠵᠧᠨ᠄ ︽ᠪᠢ ᠡᠨᠡ ᠵᠢᠯ 1000 ᠭᠠᠷᠤᠢ ᠮᠦ ᠬᠢᠶᠠᠭ ᠡᠪᠡᠰᠦ ᠲᠠᠷᠢᠵᠠᠢ᠂ | ᠬᠠᠳᠤᠵᠤ ᠪᠠᠷᠠᠭᠠᠳ ᠶᠠᠭ ᠪᠣᠭᠤᠵᠢᠯᠠᠵᠤ ᠪᠤᠢ᠂ ᠡᠳᠡᠭᠡᠷ ᠬᠢᠶᠠᠭ ᠡᠪᠡᠰᠦ ᠰᠢᠮ᠎ᠡ ᠲᠡᠵᠢᠭᠡᠯ ᠰᠠᠶᠢᠲᠠᠢ᠂ ᠦᠬᠡᠷ ᠬᠤᠨᠢ | ᠢᠳᠡᠪᠡᠯ ᠲᠠᠷᠭᠤ ᠰᠠᠶᠢᠲᠠᠢ ᠪᠣᠯᠳᠠᠭ︾ ᠭᠡᠵᠦ ᠬᠡᠯᠡᠪᠡ᠃ | ᠵᠠᠯᠠᠶᠢᠳ ᠬᠤᠰᠢᠭᠤᠨ ᠤ ᠬᠢᠶᠠᠭ ᠡᠪᠡᠰᠦ ᠳᠠᠷᠢᠬᠤ ᠰᠠᠭᠤᠷᠢᠨ ᠪᠣᠯ ᠤᠯᠤᠰ ᠤᠨ ᠨᠤᠲᠤᠭ ᠪᠡᠯᠴᠢᠭᠡᠷ ᠤᠨ ᠮᠠᠯ | ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ | ᠨᠢᠭᠡ ᠪᠣᠯᠤᠨ᠎ᠠ᠂ 2023 ᠣᠨ ᠳᠤ ᠲᠥᠷᠥᠯ ᠵᠦᠢᠯ ᠢ ᠡᠬᠢᠯᠡᠭᠦᠯᠦᠨ ᠪᠥᠲᠥᠭᠡᠨ ᠪᠠᠶᠢᠭᠤᠯᠤᠭᠰᠠᠨ ᠠᠴᠠ ᠨᠠᠭᠠᠰᠢ᠂ | ᠨᠢᠭᠡᠨᠲᠡ 12 ᠲᠦᠮᠡᠨ ᠮᠥ ᠬᠢᠶᠠᠭ ᠡᠪᠡᠰᠦ ᠳᠠᠷᠢᠵᠤ᠂ 9 ᠰᠤᠮᠤ ᠰᠢᠶᠠᠩ ᠪᠠᠯᠭᠠᠰᠤ ᠪᠠ 33 ᠭᠠᠴᠠᠭ᠎ᠠ | ᠲᠣᠰᠬᠤᠨ ᠳᠤ ᠬᠤᠯᠪᠣᠭᠳᠠᠵᠠᠶ᠃ ᠲᠤᠭᠠᠴᠢᠯᠠᠯᠳᠠ ᠪᠠᠷ ᠡᠵᠡᠮᠳᠡᠬᠦ᠂ ᠵᠢᠭᠠᠯᠲᠠ ᠶᠢᠨ ᠵᠡᠭᠦᠦ ᠮᠡᠲᠦ ᠪᠠᠷ ᠰᠦᠷᠴᠢᠨ | ᠤᠰᠤᠯᠠᠬᠤ᠂ ᠡᠪᠡᠳᠴᠢᠨ ᠤ ᠬᠥᠨᠥᠭᠡᠯ ᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠣᠳᠣᠬᠢᠴᠢᠯᠠᠭᠰᠠᠨ ᠮᠡᠷᠭᠡᠵᠢᠯ ᠢᠶᠠᠷ | ᠳᠠᠮᠵᠢᠭᠤᠯᠤᠨ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ 78% ᠠᠴᠠ | ᠳᠡᠭᠡᠭᠰᠢ ᠳᠤ ᠲᠣᠭᠲᠠᠪᠤᠷᠢᠵᠢᠭᠤᠯᠵᠤ᠂ ᠮᠠᠯ ᠠᠵᠤ ᠠᠬᠤᠶ ᠶᠢᠨ ᠡᠪᠡᠰᠦ ᠪᠣᠷᠳᠣᠭᠠᠨ ᠤ ᠬᠡᠷᠡᠭᠴᠡᠭᠡ ᠱᠠᠭᠠᠷᠳᠠᠯᠭ᠎ᠠ ᠶᠢᠨ | ᠳᠠᠷᠤᠯᠲᠠ ᠶᠢ ᠪᠦᠲᠦᠮᠵᠢᠲᠡᠶ ᠨᠠᠮᠳᠠᠭᠤᠯᠤᠨ᠂ ᠪᠠᠶᠢᠭᠠᠯᠢᠯᠢᠭ ᠡᠪᠡᠰᠦ ᠪᠡᠯᠴᠢᠭᠡᠷ ᠢ ᠠᠮᠤᠷᠵᠢᠭᠤᠯᠤᠨ ᠰᠡᠷᠭᠦᠭᠡᠬᠦ ᠶᠢ | ᠪᠡᠶᠡᠯᠡᠭᠦᠯᠵᠦ᠂ ᠠᠮᠢ ᠠᠬᠤᠶ ᠶᠢᠨ ᠰᠢᠰᠲ᠋ᠧᠮ ᠤᠨ ᠰᠠᠶᠢᠨ ᠣᠷᠴᠢᠯ ᠢ ᠠᠬᠢᠭᠤᠯᠪᠠ᠃ | ︽ᠡᠨᠡ ᠵᠢᠯ ᠪᠣᠯ ᠬᠢᠶᠠᠭ ᠡᠪᠡᠰᠦ ᠳᠠᠷᠢᠬᠰᠠᠨ ᠬᠤᠶᠠᠳᠤᠭᠠᠷ ᠵᠢᠯ ᠪᠣᠯᠤᠨ᠎ᠠ᠂ ᠮᠥ ᠪᠦᠷᠢ ᠶᠢᠨ ᠤᠨᠠᠯᠲᠠ | 160 ᠺᠢᠯᠣᠭ᠍ᠷᠠᠮ ᠠᠴᠠ ᠳᠡᠭᠡᠭᠰᠢ ᠳᠤ ᠬᠦᠷᠴᠦ᠂ ᠡᠪᠡᠰᠦᠨ ᠤ ᠤᠨᠠᠯᠲᠠ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 81% ᠪᠠᠷ ᠨᠡᠮᠡᠭᠳᠡᠪᠡ᠃ ᠢᠷᠡᠬᠦ ᠵᠢᠯ ᠬᠢᠶᠠᠭ ᠡᠪᠡᠰᠦ ᠤᠷᠭᠤᠯᠳᠠ ᠶᠢᠨ ᠣᠷᠭᠢᠯ ᠤᠨ | ᠬᠤᠭᠤᠴᠠᠭᠠᠨ ᠳᠤ ᠬᠦᠷᠴᠦ᠂ ᠵᠢᠱᠢᠯᠲᠡ ᠪᠠᠷ ᠮᠦ ᠪᠦᠷᠢ ᠶᠢᠨ ᠤᠨᠠᠯᠲᠠ 300 ᠺᠢᠯᠣᠭ᠍ᠷᠠᠮ ᠳᠤ ᠬᠦᠷᠦᠨ᠎ᠡ︾᠃ | ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠪᠴᠢᠶ᠎ᠠ ᠶᠢᠨ ᠮᠠᠯ ᠠᠵᠤ ᠠᠬᠤᠶ ᠪᠠ ᠲᠡᠵᠢᠭᠡᠯ ᠪᠣᠷᠳᠤᠭ᠎ᠠ ᠶᠢᠨ ᠮᠡᠷᠭᠡᠵᠢᠯ ᠤᠨ ᠲᠠᠰᠤᠭ ᠤᠨ ᠳᠠᠷᠤᠭ᠎ᠠ ᠡᠤ ᠯᠢ | ᠺᠦᠨ᠂ ᠬᠥᠮᠦᠨ ᠤ ᠬᠦᠴᠦ ᠪᠠᠷ ᠪᠡᠯᠴᠢᠭᠡᠷ ᠲᠤ ᠬᠢᠶᠠᠭ ᠡᠪᠡᠰᠦ ᠳᠠᠷᠢᠬᠤ ᠲᠥᠷᠥᠯ ᠵᠦᠢᠯ ᠢᠶᠠᠷ ᠳᠡᠮᠵᠢᠨ᠂ ᠬᠡᠷ ᠤᠨ | ᠲᠡᠵᠢᠭᠡᠪᠦᠷᠢ ᠶᠢᠨ ᠥᠰᠥᠯᠲᠡ ᠶᠢᠨ ᠴᠢᠳᠠᠪᠤᠷᠢ᠂ ᠬᠠᠰᠢᠶᠠᠯᠠᠨ ᠲᠡᠵᠢᠭᠡᠵᠦ ᠪᠣᠷᠳᠣᠬᠤ ᠴᠢᠳᠠᠪᠤᠷᠢ ᠪᠥᠬᠦ ᠲᠠᠯ᠎ᠠ ᠪᠠᠷ | ᠳᠡᠭᠡᠭᠰᠢᠯᠡᠵᠦ᠂ ᠦᠢᠯᠡᠳᠪᠦᠷᠢᠯᠡᠯ ᠤᠨ ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ ᠪᠠᠰᠠ ᠨᠤᠲᠤᠭ ᠪᠡᠯᠴᠢᠭᠡᠷ ᠤᠨ | ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠵᠤ ᠪᠠᠶᠢᠨ᠎ᠠ ᠭᠡᠵᠦ | ᠬᠡᠯᠡᠪᠡ᠃ | ᠠᠯᠳᠠᠨ ᠨᠠᠮᠤᠷ ᠢᠶᠠᠷ᠂ ᠤᠯᠠᠭᠠᠨᠮᠣᠳᠣ ᠶᠢᠨ ᠲᠠᠯ᠎ᠠ ᠨᠤᠲᠤᠭ ᠲᠤ ᠦᠬᠡᠷ ᠬᠤᠨᠢᠳ ᠲᠠᠷᠭᠤᠨ ᠳᠠᠪᠠᠳᠠᠢ ᠪᠡᠯᠴᠢᠵᠦ | ᠂ ᠡᠪᠡᠰᠦ ᠮᠤᠳᠤ ᠰᠢᠷᠠᠯᠠᠨ ᠡᠯᠪᠡᠭ ᠬᠤᠷᠢᠶᠠᠯᠳᠠ ᠤᠯᠵᠤ᠂ ᠮᠠᠯᠴᠢᠳ ᠡᠪᠡᠰᠦ ᠨᠥᠭᠡᠴᠡᠯᠡᠵᠦ ᠡᠪᠦᠯ ᠢ | ᠦᠩᠭᠡᠷᠡᠭᠦᠯᠬᠦ ᠪᠠᠷ ᠪᠡᠯᠡᠬᠡᠨ ᠪᠤᠯᠪᠠ᠃ ᠣᠶᠢᠷ᠎ᠠ ᠶᠢᠨ ᠡᠳᠦᠷ ᠤᠳ ᠲᠤ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠲᠣᠬᠤᠮ ᠰᠤᠮᠤ ᠶᠢᠨ ᠤᠰᠤᠨ ᠡᠬᠢ ᠭᠠᠴᠠᠭ᠎ᠠ ᠶᠢᠨ ᠮᠠᠯᠴᠢᠨ ᠠᠯᠲᠠᠨᠪᠠᠭᠠᠨ᠎ᠠ ᠶᠠᠭ ᠮᠠᠰᠢᠨ ᠢᠶᠠᠷ | ᠡᠪᠡᠰᠦ ᠬᠠᠳᠤᠵᠤ᠂ ᠬᠠᠳᠠᠭᠠᠵᠤ᠂ ᠪᠣᠭᠤᠵᠢᠯᠠᠵᠤ ᠶᠠᠭᠠᠷᠠᠨ᠎ᠠ᠃ ᠲᠡᠭᠦᠨ ᠳᠤ ᠠᠪᠴᠤ ᠬᠡᠯᠡᠪᠡᠯ᠂ ᠭᠦᠢᠴᠡᠳ ᠡᠪᠡᠰᠦ | ᠪᠤᠷᠳᠤᠭ᠎ᠠ ᠨᠢ ᠮᠠᠯ ᠣᠨᠤᠭ᠎ᠠ ᠶᠢᠨ ᠡᠪᠦᠯᠵᠢᠬᠦ ᠳᠤ ᠰᠠᠶᠢᠨ ᠪᠠᠶᠢᠵᠤ᠂ ᠨᠠᠩ ᠴᠤ ᠲᠣᠭᠲᠠᠭᠤᠨ ᠣᠷᠣᠯᠭ᠎ᠠ ᠲᠠᠢ | ᠪᠠᠶᠢᠬᠤ ᠶᠢ ᠬᠠᠷᠠᠭᠤᠯᠵᠤ ᠪᠠᠶᠢᠨ᠎ᠠ᠃ | ︽ᠡᠨᠡ ᠵᠢᠯ ᠬᠤᠷ᠎ᠠ ᠪᠣᠷᠣᠭᠠᠨ ᠰᠠᠶᠢᠨ ᠪᠣᠯᠬᠤᠷ 900 ᠭᠠᠷᠤᠶ ᠪᠣᠭᠤᠵᠢ ᠡᠪᠡᠰᠦ ᠬᠠᠳᠤᠵᠤ᠂ ᠮᠠᠨ ᠤ | ᠬᠡᠷ ᠤᠨ 700 ᠭᠠᠷᠤᠶ ᠬᠤᠨᠢ᠂ 100 ᠭᠠᠷᠤᠶ ᠦᠬᠡᠷ ᠢᠷᠡᠬᠦ ᠡᠪᠦᠯ ᠢ ᠮᠡᠨᠳᠤ ᠦᠩᠭᠡᠷᠡᠬᠦᠯᠵᠦ ᠳᠡᠶᠢᠯᠦᠨ᠎ᠠ︾ | ᠭᠡᠵᠦ ᠪᠣᠭᠤᠵᠢ ᠲᠠᠢ ᠡᠪᠡᠰᠦ ᠨᠦᠭᠦᠳ ᠢᠶᠠᠨ ᠬᠠᠷᠠᠭᠠᠳ ᠠᠯᠲᠠᠨᠪᠠᠭᠠᠨ᠎ᠠ ᠶᠢᠨ ᠴᠢᠷᠠᠢ ᠳᠤ ᠪᠠᠶᠠᠷ ᠪᠠᠭ᠋ᠠᠳᠤᠯ ᠪᠢᠯᠬᠠᠨ᠎ᠠ᠃ | | ᠠᠳᠡᠬᠢ ᠮᠠᠯᠴᠢᠳ ᠡᠪᠡᠰᠦ ᠬᠠᠳᠤᠵᠤ ᠶᠠᠭᠠᠷᠠᠯᠳᠤᠨ᠎ᠠ᠂ ᠨᠦᠬᠦᠬᠡ ᠲᠠᠯ᠎ᠠ ᠪᠠᠷ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠠᠯᠳᠠᠷ ᠤᠳᠤ ᠦᠶ᠎ᠡ ᠶᠢᠨ ᠡᠪᠡᠰᠦᠨ ᠤ ᠠᠵᠤ ᠦᠢᠯᠡᠰ ᠤᠨ ᠡᠳ᠋ᠰᠢᠭᠦᠯᠦᠨ | ᠪᠣᠯᠪᠠᠰᠤᠷᠠᠭᠤᠯᠬᠤ ᠪᠠᠷᠠᠭᠠᠨ ᠤ ᠭᠦᠢᠯᠭᠡᠭᠡᠨ ᠤ ᠠᠷᠠᠯᠵᠢᠶᠠᠨ ᠤ ᠬᠦᠷᠢᠶᠡᠯᠡᠩ ᠲᠣᠭᠤᠷᠢᠭ ᠤᠨ ᠠᠮᠢᠳᠠᠨ ᠤ ᠲᠦᠪ | ᠦᠢᠯᠡᠳᠭᠡᠪᠦᠷᠢ ᠳᠤ 52 ᠮᠠᠰᠢᠨ ᠲᠥᠬᠦᠭᠡᠷᠦᠮᠵᠢ ᠵᠤᠭᠰᠤᠯ ᠦᠭᠡᠢ ᠠᠵᠢᠯᠯᠠᠵᠤ ᠪᠠᠶᠢᠯ᠎ᠠ᠃ ᠠᠷᠢᠭᠤᠳᠬᠠᠬᠤ᠂ | ᠪᠣᠯᠪᠠᠰᠤᠷᠠᠭᠤᠯᠬᠤ᠂ ᠪᠤᠯᠭᠤᠭᠠᠨ ᠬᠠᠯᠢᠰᠤ ᠶᠢ ᠨᠢ ᠱᠠᠭᠠᠯᠬᠤ᠂ TMR ᠵᠢᠭᠤᠷᠠᠬᠤ ᠵᠡᠷᠭᠡ ᠨᠠᠷᠢᠯᠢᠭ | ᠪᠣᠯᠪᠠᠰᠤᠷᠠᠭᠤᠯᠬᠤ ᠶᠠᠪᠤᠴᠠ ᠶᠢ ᠥᠩᠭᠡᠷᠡᠭᠡᠭᠰᠡᠨ ᠤ ᠳᠠᠷᠠᠭ᠎ᠠ᠂ ᠲᠡᠵᠢᠭᠡᠯ ᠡᠪᠡᠰᠦ ᠪᠣᠷᠳᠤᠭ᠎ᠠ ᠨᠢ ᠰᠢᠨᠵᠢᠯᠡᠬᠦ | ᠤᠬᠠᠭᠠᠨᠴᠢ ᠬᠠᠷᠢᠴᠠᠯ ᠢ ᠪᠡᠶᠡᠯᠡᠭᠦᠯᠵᠦ᠂ ᠦᠬᠡᠷ ᠬᠤᠨᠢᠨ ᠤ ︽ᠰᠢᠮ᠎ᠡ ᠲᠡᠵᠢᠭᠡᠯᠲᠦ ᠢᠳᠡᠭᠡᠨ︾ ᠪᠣᠯᠳᠠᠭ᠃ | ᠡᠨᠡ ᠵᠢᠯ ᠤᠨ 4 ᠰᠠᠷ᠎ᠠ ᠠᠴᠠ ᠡᠬᠢᠯᠡᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠯᠲᠠᠷ | ᠰᠤᠮᠤ ᠶᠢᠨ ᠭᠤᠸᠠᠩ ᠮᠢᠩ ᠭᠠᠴᠠᠭᠠᠨ ᠤ ᠮᠠᠯᠴᠢᠨ ᠴᠧᠨ ᠯᠢᠶᠠᠩ ᠠᠮᠢᠲᠠᠨ ᠤ ᠲᠦᠪ ᠦᠢᠯᠡᠳᠭᠡᠪᠦᠷᠢ ᠠᠴᠠ ︽ | ᠤᠷᠢᠳᠴᠢᠯᠠᠨ ᠦᠢᠯᠡᠳᠦᠭᠰᠡᠨ ᠬᠤᠭᠤᠯᠠ︾ ᠬᠤᠳᠠᠯᠳᠤᠨ ᠠᠪᠴᠤ ᠥᠪᠡᠷ ᠤᠨ ᠦᠬᠡᠷ ᠬᠤᠨᠢ ᠪᠠᠨ ᠲᠡᠵᠢᠭᠡᠪᠡ᠃ ︽ | ᠰᠠᠷ᠎ᠠ ᠭᠠᠷᠤᠶ ᠲᠡᠵᠢᠭᠡᠭᠰᠡᠨ ᠤ ᠳᠠᠷᠠᠭ᠎ᠠ᠂ ᠦᠬᠡᠷ ᠨᠢ ᠦᠩᠭᠡ ᠤᠷᠤᠵᠦ ᠳᠠᠷᠭᠤ ᠠᠪᠤᠭᠰᠠᠨ ᠢᠶᠠᠷ ᠪᠠᠷᠠᠬᠤ ᠥᠬᠡᠶ᠂ | ᠠᠷᠠᠰᠤ ᠨᠤᠤᠰᠤ ᠨᠢ ᠴᠦ ᠭᠥᠯᠢᠭᠡᠷ ᠪᠣᠯᠵᠠᠶ︾᠃ ᠴᠧᠨ ᠯᠢᠶᠠᠩ᠂ ᠡᠨᠡ ᠬᠦ ᠪᠠᠯᠠ ᠣᠷᠣᠭᠤᠯᠤᠯᠲᠠ ᠨᠢ ᠮᠠᠰᠢ ᠦᠷ᠎ᠡ | ᠪᠦᠳᠦᠮᠵᠢ ᠲᠠᠢ ᠶᠤᠮ ᠭᠡᠵᠦ ᠬᠡᠯᠡᠪᠡ᠃ | ᠠᠯᠲᠠᠷ ᠣᠲᠣ ᠦᠶ᠎ᠡ ᠶᠢᠨ ᠡᠪᠡᠰᠦᠨ ᠤ ᠠᠵᠤ ᠦᠢᠯᠡᠰ ᠤᠨ ᠡᠳ᠋ᠰᠢᠭᠦᠯᠦᠨ ᠪᠣᠯᠪᠠᠰᠤᠷᠠᠭᠤᠯᠬᠤ ᠪᠠᠷᠠᠭᠠᠨ ᠤ | ᠭᠦᠢᠯᠭᠡᠭᠡᠨ ᠤ ᠠᠷᠠᠯᠵᠢᠶᠠᠨ ᠤ ᠬᠦᠷᠢᠶᠡᠯᠡᠩ ᠲᠣᠭᠤᠷᠢᠭ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠴᠦᠨ ᠳᠤ ᠲᠦᠰᠢᠭᠯᠡᠨ ᠬᠢᠩᠭᠠᠨ ᠪᠡᠭᠡᠵᠢᠩ ᠤᠨ ᠣᠲᠣ ᠦᠶ᠎ᠡ ᠶᠢᠨ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠵᠤ᠂ ᠪᠥᠬᠦ ᠤᠯᠤᠰ ᠤᠨ ᠡᠯ᠎ᠡ ᠭᠠᠵᠠᠷ ᠤᠨ ᠴᠢᠨᠠᠷ | ᠰᠠᠶᠢᠲᠠᠶ ᠡᠪᠡᠰᠦᠨ ᠤ ᠦᠷ᠎ᠡ ᠶᠢ ᠰᠣᠩᠭᠤᠨ ᠪᠤᠶᠢᠵᠢᠭᠤᠯᠵᠤ᠂ ᠡᠪᠡᠰᠦᠨ ᠤ ᠦᠷ᠎ᠡ ᠶᠢᠨ ᠶᠠᠰᠤ ᠴᠢᠨᠠᠷ ᠢ ᠨᠡᠩ | ᠢᠯᠡᠬᠦᠦ ᠳᠡᠭᠡᠭᠰᠢᠯᠡᠭᠦᠯᠪᠡ᠃ ᠡᠭᠦᠨ ᠠᠴᠠ ᠭᠠᠳᠠᠨ᠎ᠠ᠂ ᠬᠦᠷᠢᠶᠡᠯᠡᠩ ᠲᠣᠭᠤᠷᠢᠭ ᠨᠢ ᠪᠠᠰᠠ ᠪᠥᠬᠦ ᠤᠯᠤᠰ ᠤᠨ | ᠡᠪᠡᠰᠦᠨ ᠤ ᠦᠷ᠎ᠡ ᠶᠢ ᠬᠤᠷᠢᠶᠠᠨ ᠴᠤᠭᠯᠠᠭᠤᠯᠵᠤ ᠡᠭᠦᠯᠳᠡᠷ ᠰᠣᠩᠭᠤᠬᠤ ᠪᠠ ᠥᠨᠳᠥᠷ ᠤᠨᠠᠯᠲᠠ ᠲᠠᠢ ᠳᠠᠷᠢᠬᠤ | ᠮᠡᠷᠭᠡᠵᠢᠯ ᠢ ᠵᠢᠱᠢᠶ᠎ᠡ ᠦᠵᠡᠭᠦᠯᠦᠨ ᠳᠡᠯᠭᠡᠷᠡᠭᠦᠯᠵᠦ᠂ ᠡᠪᠡᠰᠦᠨ ᠤ ᠡᠭᠦᠯᠳᠡᠷ ᠢ ᠰᠤᠳᠤᠯᠤᠨ ᠨᠡᠭᠡᠭᠡᠬᠦ᠂ ᠲᠡᠵᠢᠭᠡᠯ | ᠡᠪᠡᠰᠦ ᠪᠣᠯᠪᠠᠰᠤᠷᠠᠭᠤᠯᠬᠤ᠂ ᠬᠥᠮᠥᠷᠭᠡᠯᠡᠨ ᠬᠠᠳᠠᠭᠠᠯᠠᠬᠤ ᠪᠠ ᠪᠠᠷᠠᠭᠠᠨ ᠤ ᠭᠦᠢᠯᠭᠡᠭᠡ ᠶᠢ ᠨᠢᠭᠡ ᠴᠣᠭᠴᠠᠵᠢᠭᠤᠯᠤᠭᠰᠠᠨ | ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠠᠢ᠃ | ︽ᠣᠳᠣ ᠮᠠᠨ ᠤ ᠬᠦᠷᠢᠶᠡᠯᠡᠩ ᠲᠣᠭᠤᠷᠢᠭ ᠨᠢ ᠲᠡᠵᠢᠭᠡᠯ ᠡᠪᠡᠰᠦᠨ ᠤ ᠪᠦᠲᠦᠭᠡᠭᠳᠡᠬᠦᠨ᠂ ᠲᠠᠯ᠎ᠠ ᠨᠤᠲᠤᠭ ᠤᠨ | ᠢᠳᠡᠭᠡᠨ᠂ ᠵᠢᠩᠬᠢᠨᠢ ᠡᠮ ᠤᠨ ᠮᠠᠲ᠋ᠧᠷᠢᠶᠠᠯ ᠡᠳ᠋ᠰᠢᠭᠦᠯᠬᠦ ᠲᠣᠭᠤᠷᠢᠭ᠂ ᠬᠤᠳᠠᠯᠳᠤᠭᠠᠨ ᠤ ᠢᠵᠢ ᠪᠥᠷᠢᠳᠦᠭᠦᠯᠬᠦ | ᠲᠣᠭᠤᠷᠢᠭ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠬᠦᠷᠢᠶᠡᠯᠡᠩ ᠲᠣᠭᠤᠷᠢᠭ ᠪᠣᠯᠵᠣ᠂ | ᠨᠢᠬᠡᠨᠳᠡ ᠣᠷᠣᠨ ᠲᠠᠶᠠᠭᠠᠷ ᠲᠤ ᠴᠢᠳᠠᠮᠵᠢ ᠪᠠᠷ ᠬᠠᠮᠤᠭ ᠤᠨ ᠪᠦᠷᠢᠨ᠂ ᠪᠠᠭᠲᠠᠭᠠᠮᠵᠢ ᠪᠠᠷ ᠬᠠᠮᠤᠭ ᠤᠨ ᠶᠡᠭᠡ | ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯᠵᠣ᠂ ᠪᠥᠬᠦ ᠤᠯᠤᠰ ᠤᠨ ᠬᠠᠮᠤᠭ ᠤᠨ ᠶᠡᠭᠡ ᠬᠢᠶᠠᠭ | ᠡᠪᠡᠰᠦ ᠳᠠᠷᠢᠬᠤ ᠲᠥᠪ ᠪᠣᠯᠵᠣ᠂ ᠬᠢᠩᠭᠠᠨ ᠠᠶᠢᠮᠠᠭ ᠤᠨ ᠡᠪᠡᠰᠦᠨ ᠤ ᠠᠵᠤ ᠦᠢᠯᠡᠰ ᠤᠨ ᠬᠥᠭᠵᠢᠯᠲᠡ ᠳᠤ | ᠲᠠᠰᠤᠷᠠᠯᠲᠠ ᠥᠬᠡᠶ ᠰᠢᠨ᠎ᠡ ᠬᠥᠳᠡᠯᠭᠡᠭᠴᠢ ᠡᠨᠧᠷᠭᠢ ᠬᠠᠩᠭᠠᠵᠤ ᠪᠠᠶᠢᠨ᠎ᠠ︾ ᠭᠡᠵᠦ ᠬᠦᠷᠢᠶᠡᠯᠡᠩ ᠲᠣᠭᠤᠷᠢᠭ ᠤᠨ | ᠬᠠᠷᠢᠭᠤᠴᠠᠯᠭᠠᠲᠠᠨ ᠵᠧᠩ ᠶᠠ ᠫᠧᠩ ᠬᠡᠯᠡᠪᠡ᠃ | ᠬᠢᠩᠭᠠᠨ ᠠᠶᠢᠮᠠᠭ ᠨᠢ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠶ ᠳᠤ ᠪᠠᠶᠢᠷᠢᠯᠠᠵᠤ᠂ ᠪᠠᠶᠢᠭᠠᠯᠢᠯᠢᠭ | ᠨᠤᠲᠤᠭ ᠪᠡᠯᠴᠢᠭᠡᠷ ᠤᠨ ᠲᠠᠯᠠᠪᠠᠶ ᠨᠢ 2683.88 ᠲᠦᠮᠡᠨ ᠮᠥ ᠪᠠᠶᠢᠵᠤ᠂ ᠡᠨᠡ ᠬᠦ ᠨᠤᠲᠤᠭ ᠪᠡᠯᠴᠢᠭᠡᠷ ᠢ | ᠬᠠᠮᠠᠭᠠᠯᠠᠨ ᠠᠰᠢᠭᠯᠠᠬᠤ ᠨᠢ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠣᠶᠢᠷ᠎ᠠ ᠶᠢᠨ ᠵᠢᠯ ᠤᠨ ᠲᠤᠷᠰᠢ᠂ ᠬᠢᠩᠭᠠᠨ ᠠᠶᠢᠮᠠᠭ | ᠲᠡᠵᠢᠭᠡᠯ ᠡᠪᠡᠰᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠠᠷᠤᠭ᠎ᠠ ᠪᠤᠯᠭᠠᠵᠤ᠂ ᠬᠢᠶᠠᠭ᠂ | ᠴᠠᠷᠭᠠᠰᠤ᠂ ᠲᠡᠵᠢᠭᠡᠯ ᠪᠣᠷᠳᠤᠭ᠎ᠠ ᠳᠤ ᠬᠡᠷᠡᠭᠯᠡᠬᠦ ᠨᠣᠬᠠᠶ ᠶᠢᠨ ᠬᠤᠰᠢᠭᠤ᠂ ᠬᠥᠬᠡ ᠳᠠᠷᠤᠰᠢ ᠶᠢᠨ ᠡᠷᠳᠡᠨᠢ ᠰᠢᠰᠢ ᠵᠡᠷᠭᠡ | ᠲᠠᠷᠢᠮᠠᠯ ᠲᠡᠵᠢᠭᠡᠯ ᠡᠪᠡᠰᠦ ᠳᠠᠷᠢᠬᠤ ᠲᠠᠯᠠᠪᠠᠶ ᠶᠢ 260 ᠲᠦᠮᠡᠨ ᠮᠤ᠋ ᠠᠴᠠ ᠳᠡᠭᠡᠭᠰᠢ ᠬᠥᠭᠵᠢᠭᠦᠯᠵᠦ᠂ ᠤᠨᠠᠯᠲᠠ ᠨᠢ | 500 ᠲᠦᠮᠡᠨ ᠲᠣᠨ ᠰᠢᠬᠠᠮ ᠳᠤ ᠬᠦᠷᠴᠦ᠂ ᠪᠠᠶᠢᠭᠠᠯᠢᠯᠢᠭ ᠨᠤᠲᠤᠭ ᠪᠡᠯᠴᠢᠭᠡᠷ ᠲᠠᠬᠢ ᠲᠡᠵᠢᠭᠡᠯ ᠡᠪᠡᠰᠦᠨ ᠤ | ᠤᠨᠠᠯᠲᠠ ᠨᠢ 200 ᠲᠦᠮᠡᠨ ᠲᠣᠨ ᠠᠴᠠ ᠳᠡᠭᠡᠭᠰᠢ ᠳᠤ ᠬᠦᠷᠴᠦ᠂ ᠡᠰᠢ ᠰᠦᠷᠡᠯ ᠢ ᠲᠡᠵᠢᠭᠡᠯ ᠪᠣᠷᠳᠤᠭ᠎ᠠ ᠪᠣᠯᠭᠠᠨ | ᠠᠰᠢᠭᠯᠠᠬᠤ ᠬᠡᠮᠵᠢᠶ᠎ᠡ ᠨᠢ 468 ᠲᠦᠮᠡᠨ ᠲᠣᠨ ᠳᠤ ᠬᠦᠷᠴᠦ᠂ ᠦᠬᠡᠷ ᠬᠤᠨᠢᠨ ᠤ ᠡᠪᠡᠰᠤ ᠪᠤᠷᠳᠤᠭᠠᠨ ᠤ | ᠠᠰᠠᠭᠤᠳᠠᠯ ᠢ ᠰᠢᠢᠳᠪᠦᠷᠢᠯᠡᠪᠡ᠃ | ᠣᠳᠣᠬᠠᠨ ᠳᠤ᠂ ᠬᠢᠩᠭᠠᠨ ᠠᠶᠢᠮᠠᠭ ᠲᠤ ᠡᠪᠡᠰᠦ ᠪᠣᠷᠳᠤᠭ᠎ᠠ ᠳᠠᠷᠢᠬᠤ᠂ ᠡᠳ᠋ᠰᠢᠭᠦᠯᠬᠦ᠂ ᠪᠣᠷᠣᠯᠠᠭᠤᠯᠬᠤ | ᠡᠵᠡᠩᠨᠡᠯᠲᠡ ᠶᠢᠨ ᠭᠤᠤᠯ ᠴᠣᠭᠴᠠ ᠨᠢᠭᠡᠨᠲᠡ 123 ᠪᠣᠯᠵᠣ᠂ ᠪᠠᠶᠢᠭᠠᠯᠢ ᠶᠢᠨ ᠲᠡᠵᠢᠭᠡᠯ ᠡᠪᠡᠰᠦ᠂ ᠲᠠᠷᠢᠮᠠᠯ ᠲᠡᠵᠢᠭᠡᠯ | ᠡᠪᠡᠰᠦ᠂ ᠡᠰᠢ ᠰᠦᠷᠡᠯ ᠤᠨ ᠲᠡᠵᠢᠭᠡᠯ ᠪᠣᠷᠳᠣᠭᠠᠨ ᠤ ᠠᠵᠤ ᠦᠢᠯᠡᠰ ᠤᠨ ᠶᠡᠷᠦᠩᠬᠡᠶ ᠦᠢᠯᠡᠳᠬᠦᠨ ᠤ ᠥᠷᠲᠡᠭ 70 | ᠳ᠋ᠦᠩᠰᠢᠭᠤᠷ ᠲᠥᠭᠦᠷᠢᠭ ᠲᠤ ᠬᠦᠷᠴᠡᠶ᠃ ᠬᠢᠩᠭᠠᠨ ᠠᠶᠢᠮᠠᠭ ᠳᠠᠷᠢᠬᠤ᠂ ᠬᠠᠳᠠᠭᠠᠯᠠᠬᠤ᠂ ᠪᠣᠯᠪᠠᠰᠤᠷᠠᠭᠤᠯᠬᠤ᠂ | ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ 5 ᠲᠣᠮᠣ ᠬᠡᠯᠪᠡᠷᠢ ᠶᠢᠨ ᠡᠪᠡᠰᠦ ᠪᠣᠷᠳᠣᠭᠠᠨ ᠤ ᠠᠵᠤ ᠦᠢᠯᠡᠰ ᠤᠨ | ᠬᠦᠷᠢᠶᠡᠯᠡᠩ ᠢ ᠪᠠᠶᠢᠭᠤᠯᠵᠤ᠂ ᠵᠢᠯ ᠳᠤ 30 ᠲᠦᠮᠡᠨ ᠲᠣᠨ ᠡᠪᠡᠰᠦ ᠪᠣᠷᠳᠤᠭ᠎ᠠ ᠡᠳ᠋ᠰᠢᠭᠦᠯᠵᠦ ᠳᠣᠭᠢᠷᠠᠭᠤᠯᠤᠨ | ᠬᠦᠷᠭᠡᠵᠦ᠂ ᠡᠪᠡᠰᠦ ᠪᠣᠷᠳᠣᠭᠠᠨ ᠤ ᠠᠵᠤ ᠦᠢᠯᠡᠰ ᠤᠨ ᠡᠳ᠋ᠰᠢᠭᠦᠯᠵᠦ ᠳᠣᠭᠢᠷᠠᠭᠤᠯᠤᠨ ᠬᠦᠷᠭᠡᠬᠦ ᠴᠢᠳᠠᠪᠤᠷᠢ ᠶᠢ | ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠦᠷᠭᠦᠯᠵᠢᠯᠡᠬᠦ ᠬᠥᠭᠵᠢᠯᠲᠡ ᠳᠤ ᠨᠠᠩ ᠬᠦᠴᠦᠲᠡᠶ ᠲᠤᠯᠭᠠᠭᠤᠷᠢᠯᠠᠯ | ᠬᠠᠩᠭᠠᠪᠠ᠃ ᠭᠦᠢᠴᠡᠳ ᠲᠡᠵᠢᠭᠡᠯ ᠡᠪᠡᠰᠦᠨ ᠤ ᠪᠠᠲᠤᠯᠠᠭ᠎ᠠ ᠨᠢ ᠮᠠᠯᠴᠢᠨ ᠲᠠᠷᠢᠶᠠᠴᠢᠨ ᠤ ᠮᠠᠯᠵᠢᠵᠤ | ᠪᠠᠶᠢᠭᠰᠠᠨ ᠠᠴᠠ ᠪᠠᠨ ᠬᠠᠰᠢᠶᠠᠯᠠᠨ ᠲᠡᠵᠢᠭᠡᠬᠦ ᠪᠤᠯᠤᠭᠰᠠᠨ ᠳᠤ ᠡᠪᠡᠰᠦ ᠪᠣᠷᠳᠣᠭᠠᠨ ᠤ ᠬᠡᠷᠡᠭᠴᠡᠭᠡ ᠶᠢ | ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠤ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ | ᠰᠡᠷᠭᠦᠭᠡᠬᠦ ᠳᠤ ᠬᠦᠴᠦᠷᠬᠡᠭ ᠶᠡᠭᠡ ᠬᠥᠳᠡᠯᠭᠡᠭᠴᠢ ᠬᠦᠴᠦᠨ ᠨᠡᠮᠡᠷᠢᠯᠡᠭᠰᠡᠨ ᠪᠠᠶᠢᠨ᠎ᠠ᠃ |