ᠮᠠᠨ ᠤ ᠤᠷᠤᠨ ᠪᠠᠰᠡ ᠨᠢᠬᠡ ᠵᠢᠩᠬᠢᠨᠢ ᠠᠩᠬᠢ ᠶᠢᠨ ᠶᠡᠭᠡ ᠰᠤᠷᠭᠠᠭᠤᠯᠢ ᠪᠠᠶᠢᠭᠤᠯᠬᠤ ᠪᠠᠷ ᠪᠤᠢ
ᠨᠡᠶᠢᠲᠡᠯᠡᠭᠰᠡᠨ ᠴᠠᠭ᠄
2024/10/14
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠰᠤᠷᠭᠠᠨ ᠬᠥᠮᠦᠵᠢᠯ ᠤᠨ ᠶᠠᠮᠤᠨ ᠳᠤ ︽ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠᠷ ᠰᠠᠭᠤᠷᠢ ᠪᠣᠯᠭᠠᠵᠤ᠂ ᠬᠢᠩᠭᠠᠨ ᠤ ᠠᠵᠢᠯ ᠮᠡᠷᠭᠡᠵᠢᠯ ᠤᠨ ᠶᠡᠭᠡ ᠰᠤᠷᠭᠠᠭᠤᠯᠢ ᠪᠠᠶᠢᠭᠤᠯᠬᠤ ᠪᠠᠷ ᠭᠤᠶᠤᠴᠢᠯᠠᠬᠤ︾ ᠪᠠᠷ ᠪᠠᠶᠢᠨ᠎ᠠ ᠭᠡᠵᠦ ᠨᠡᠶᠢᠲᠡᠯᠡᠪᠡ᠃ ᠰᠤᠷᠭᠠᠭᠤᠯᠢ ᠡᠷᠭᠢᠯᠡᠬᠦ ᠰᠢᠨᠵᠢ ᠴᠢᠨᠠᠷ ᠨᠢ ᠠᠯᠪᠠᠨ ᠠᠴᠠ ᠡᠷᠭᠢᠯᠡᠭᠰᠡᠨ ᠵᠢᠩᠬᠢᠨᠢ ᠠᠩᠭᠢ ᠶᠢᠨ ᠲᠠᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠣᠨ᠎ᠠ᠃      ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ 2001 ᠣᠨ ᠳᠤ ᠬᠢᠩᠭᠠᠨ ᠠᠶᠢᠮᠠᠭ ᠤᠨ ᠪᠠᠭᠰᠢ ᠶᠢᠨ ᠰᠤᠷᠭᠠᠭᠤᠯᠢ᠂ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠢ ᠨᠢᠭᠡᠳᠬᠡᠭᠰᠡᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠪᠠᠶᠢᠭᠤᠯᠤᠭᠰᠠᠨ ᠪᠦᠬᠦᠯᠢ ᠡᠳᠦᠷ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠣᠨ᠎ᠠ᠃ 20 ᠭᠠᠷᠤᠢ ᠵᠢᠯ ᠤᠨ ᠬᠥᠭᠵᠢᠯᠲᠡ ᠪᠠᠷ ᠳᠡᠮᠵᠢᠨ᠂ ᠨᠢᠭᠡᠨᠲᠡ ᠪᠥᠬᠦ ᠤᠯᠤᠰ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠳᠡᠭᠡᠳᠦ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠰᠤᠷᠭᠠᠭᠤᠯᠢ᠂ ᠥᠪᠡᠷᠲᠡᠭᠡᠨ ᠵᠠᠰᠠᠬᠤ ᠣᠷᠣᠨ ᠤ ᠥᠨᠳᠥᠷ ᠬᠢᠷᠢ ᠲᠦᠪᠰᠢᠨ ᠪᠦᠬᠦᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠤᠰᠬᠠᠢ ᠮᠡᠷᠭᠡᠵᠢᠯ ᠤᠨ ᠰᠦᠷᠦᠭᠵᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢ ᠪᠠᠶᠢᠭᠤᠯᠤᠭᠰᠠᠨ ᠪᠥᠭᠡᠳ ᠪᠠᠰᠠ ᠤᠯᠤᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠪᠠ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠪᠣᠯᠤᠭᠰᠠᠨ ᠪᠠᠶᠢᠨ᠎ᠠ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号