ᠲᠡᠬᠦᠰᠬᠦ ᠰᠤᠷᠤᠭᠴᠢᠳ ᠤᠨ ᠠᠵᠢᠯ ᠤᠯᠭᠤᠯᠳᠡ ᠢ ᠠᠬᠢᠭᠤᠯᠤᠨ᠎ᠠ
ᠨᠡᠶᠢᠲᠡᠯᠡᠭᠰᠡᠨ ᠴᠠᠭ᠄
2024/10/14
     ᠠᠯᠳᠡᠨ ᠨᠠᠮᠤᠷ ᠤᠨ ᠠᠷᠪᠠᠨ ᠰᠠᠷ᠎ᠠ ᠳᠤ᠂ ᠮᠠᠨ ᠤ ᠤᠷᠤᠨ ᠤ ᠡᠯ᠎ᠡ ᠶᠡᠭᠡ ᠳᠡᠭᠡᠳᠦ ᠰᠤᠷᠭᠠᠭᠤᠯᠢ ᠨᠤᠭᠤᠳ ᠲᠡᠭᠦᠰᠬᠦ ᠰᠤᠷᠤᠭᠴᠢᠳ ᠤᠨ ︽ᠨᠠᠮᠤᠷ ᠤᠨ ᠤᠯᠠᠷᠢᠯ ᠤᠨ ᠰᠣᠷᠣᠭᠴᠢ ᠡᠯᠰᠡᠬᠦ︾ ᠠᠵᠢᠯᠯᠠᠭ᠎ᠠ ᠦᠷᠨᠢᠬᠦᠯᠪᠡ᠃      ᠡᠯ᠎ᠡ ᠭᠠᠵᠠᠷ ᠲᠤ᠂ ᠠᠵᠢᠯᠲᠠᠨ ᠤᠷᠢᠵᠦ ᠡᠯᠰᠡᠬᠦ ᠴᠤᠭᠯᠠᠭᠠᠨ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ ᠵᠡᠷᠭᠡ ᠣᠯᠠᠨ ᠵᠦᠢᠯ ᠤᠨ ᠬᠡᠯᠪᠡᠷᠢ ᠶᠢᠨ ᠨᠠᠮᠤᠷ ᠤᠨ ᠤᠯᠠᠷᠢᠯ ᠤᠨ ᠠᠵᠢᠯᠲᠠᠨ ᠤᠷᠢᠵᠦ ᠡᠯᠰᠡᠬᠦ ᠠᠵᠢᠯᠯᠠᠭ᠎ᠠ ᠵᠠᠯᠭᠠᠭ᠎ᠠ ᠪᠠᠷ ᠶᠠᠪᠤᠭᠳᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠭᠤᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃       ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠯᠲᠠ ᠶᠢᠨ ᠰᠠᠯᠠᠭ᠎ᠠ ᠮᠥᠴᠢᠷ ᠠᠵᠢᠯ ᠣᠯᠭᠤᠯᠲᠠ ᠶᠢᠨ ᠦᠢᠯᠡᠴᠢᠯᠡᠭᠡ ᠶᠢ ᠢᠳᠡᠪᠬᠢᠲᠡᠢ ᠠᠬᠢᠭᠤᠯᠵᠤ᠂ ᠬᠥᠮᠥᠨ ᠬᠡᠷᠡᠭᠯᠡᠬᠦ ᠨᠢᠭᠡᠴᠢ ᠬᠢᠭᠡᠳ ᠬᠥᠳᠡᠯᠮᠦᠷᠢᠴᠢᠨ ᠤ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠴᠠᠲᠠᠢ ᠵᠣᠯᠭᠠᠭᠤᠯᠤᠭᠰᠠᠨ ᠦᠭᠡᠢ᠂ ᠦᠢᠯᠡᠴᠢᠯᠡᠭᠡ ᠶᠢ ᠪᠣᠳᠠᠲᠠᠶᠢᠵᠢᠭᠤᠯᠤᠭᠰᠠᠨ ᠦᠭᠡᠢ ᠵᠡᠷᠭᠡ ᠬᠦᠴᠢᠷ ᠠᠰᠠᠭᠤᠳᠠᠯ ᠢ ᠬᠦᠴᠦᠯᠡᠨ ᠰᠶᠢᠳᠪᠦᠷᠢᠯᠡᠵᠦ᠂ ᠠᠵᠢᠯᠲᠠᠨ ᠤᠷᠢᠵᠦ ᠡᠯᠰᠡᠬᠦ ᠠᠵᠢᠯᠯᠠᠭ᠎ᠠ ᠶᠢ ᠪᠥᠬᠦ ᠵᠢᠯ ᠳᠤ ᠲᠤᠭᠤᠰᠢᠯᠠᠭᠤᠯᠤᠨ᠂ ᠡᠯ᠎ᠡ ᠲᠥᠷᠥᠯ ᠤᠨ ᠬᠥᠮᠥᠨ ᠬᠡᠷᠡᠭᠯᠡᠬᠦ ᠨᠢᠭᠡᠴᠢ ᠪᠠ ᠠᠵᠢᠯ ᠡᠷᠢᠭᠰᠡᠳ ᠲᠤ ᠨᠠᠩ ᠨᠠᠷᠢᠯᠢᠭ ᠣᠨᠣᠴᠠᠲᠠᠢ᠂ ᠨᠠᠩ ᠳᠣᠲᠣᠨᠣ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠭᠰᠠᠨ ᠪᠠᠶᠢᠨ᠎ᠠ᠃      8 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠡᠯ᠎ᠡ ᠲᠥᠷᠥᠯ ᠤᠨ ᠠᠵᠢᠯᠲᠠᠨ ᠤᠷᠢᠵᠦ ᠡᠯᠰᠡᠬᠦ ᠴᠤᠭᠯᠠᠭᠠᠨ ᠢ ᠨᠡᠶᠢᠲᠡ 1336 ᠲᠠᠯᠠᠪᠤᠷ ᠵᠣᠬᠢᠶᠠᠨ ᠪᠠᠶᠢᠭᠤᠯᠤᠨ ᠥᠷᠨᠢᠭᠦᠯᠵᠦ᠂ 3.95 ᠲᠦᠮᠡᠨ ᠠᠵᠤ ᠠᠬᠤᠶᠢᠯᠠᠯ ᠣᠷᠣᠯᠴᠠᠵᠤ᠂ 78.36 ᠲᠦᠮᠡᠨ ᠠᠵᠢᠯ ᠤᠨ ᠪᠠᠶᠢᠷᠢ ᠬᠠᠩᠭᠠᠵᠤ᠂ 26.53 ᠲᠦᠮᠡᠨ ᠬᠥᠮᠥᠨ ᠤᠳᠠᠭ᠎ᠠ ᠠᠵᠢᠯ ᠣᠯᠭᠤᠬᠤ ᠵᠦᠪᠳᠡᠯᠴᠡᠬᠡᠷ ᠲᠤᠭᠳᠡᠪᠡ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号