ᠪᠠᠶᠠᠨᠭᠤᠣᠯ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/10/15
      ᠤᠶᠢᠷ᠎ᠠ ᠳᠤ᠂ ᠵᠠᠯᠠᠶᠢᠳ ᠬᠤᠰᠢᠭᠤᠨ ᠤ ᠪᠠᠶᠠᠨᠭᠤᠣᠯ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ ᠬᠤᠰᠢᠭᠤᠨ ᠤ ᠹᠦ᠋ ᠰᠢᠨ ᠨᠡᠶᠢᠳᠠ ᠶᠢᠨ ᠠᠰᠠᠷᠠᠮᠵᠢ ᠶᠢᠨ ᠨᠡᠶᠢᠭᠡᠮᠯᠢᠭ ᠲᠠᠢ ᠬᠠᠮᠳᠣᠷᠠᠨ ᠪᠠᠯᠭᠠᠰᠤᠨ ᠤ ᠵᠣᠯ ᠵᠢᠷᠭᠠᠯᠳᠣ ᠶᠡᠭᠡ ᠬᠦᠷᠢᠶᠡᠯᠡᠩ ᠢᠶᠠᠷ ᠬᠦᠷᠴᠤ ᠨᠠᠰᠤᠲᠠᠶᠢᠴᠤᠳ ᠢ ᠪᠣᠯᠭᠤᠭᠠᠨ ᠲᠣᠬᠤᠨᠢᠭᠤᠯᠬᠤ᠂ ᠲᠡᠳᠡᠨᠠᠷ ᠲᠤ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠪᠣᠯᠤᠨ ᠮᠡᠨᠳᠦᠴᠢᠯᠡᠯ ᠢ ᠬᠦᠷᠭᠡᠪᠡ᠃ ᠪᠠᠰᠠ ᠬᠠᠷᠢᠶ᠎ᠠ ᠤᠷᠤᠨ ᠤ ᠨᠠᠰᠤᠲᠠᠶᠢᠴᠤᠳ ᠢ ᠵᠣᠬᠢᠶᠠᠨ ᠪᠠᠶᠢᠭᠤᠯᠵᠤ ᠶᠠᠷᠢᠯᠴᠠᠬᠤ ᠬᠤᠷᠠᠯ᠂ ᠰᠣᠨᠢᠷᠬᠠᠯᠲᠤ ᠠᠵᠢᠯᠯᠠᠭ᠎ᠠ᠂ ᠲᠣᠬᠤᠨᠢᠭᠤᠯᠬᠤ ᠪᠣᠳᠠᠰ ᠲᠠᠷᠬᠠᠭᠠᠬᠤ ᠵᠡᠷᠭᠡ ᠠᠯᠢ ᠤᠯᠠᠨ ᠠᠭᠤᠯᠭ᠎ᠠ ᠪᠠᠶᠠᠯᠢᠭ ᠪᠦᠬᠦᠢ ᠠᠵᠢᠯᠯᠠᠭ᠎ᠠ ᠶᠢ ᠶᠠᠪᠤᠭᠳᠠᠭᠤᠯᠤᠭᠰᠠᠨ ᠪᠠᠶᠢᠨ᠎ᠠ᠃ ᠡᠳᠡᠭᠡᠷ ᠠᠵᠢᠯᠯᠠᠭ᠎ᠠ ᠪᠠᠷ ᠲᠠᠮᠵᠢᠨ ᠨᠠᠰᠤᠲᠠᠶᠢᠴᠤᠳ ᠨᠢᠭᠡ ᠲᠠᠩᠬᠢᠮ ᠳᠤ ᠴᠤᠭᠯᠠᠷᠠᠨ ᠵᠣᠭᠤᠭ ᠳᠡᠯᠭᠡᠵᠦ᠂ ᠬᠤᠭᠤᠷᠣᠨᠳᠣᠬᠢ ᠬᠠᠶᠢᠷ᠎ᠠ ᠰᠡᠳᠬᠢᠯᠭᠡ ᠪᠠᠨ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠪᠠᠰᠠ ᠨᠠᠰᠤᠲᠠᠶᠢᠴᠤᠳ ᠲᠤ ᠵᠣᠯ ᠵᠢᠷᠭᠠᠯᠲᠤ ᠠᠮᠢᠳᠤᠷᠠᠯ ᠤᠨ ᠬᠦᠷᠲᠡᠮᠵᠢ ᠶᠢᠨ ᠲᠥᠷᠥᠭᠳᠡᠯ ᠢ ᠨᠠᠩ ᠭᠦᠨᠵᠡᠭᠡᠶ ᠮᠡᠳᠡᠷᠡᠭᠦᠯᠦᠭᠰᠡᠨ ᠪᠠᠶᠢᠨ᠎ᠠ᠃        ᠳᠠᠷᠠᠭᠠᠴᠢ ᠶᠢᠨ ᠠᠯᠬᠤᠮ ᠳᠤ᠂ ᠪᠠᠶᠠᠨᠭᠤᠣᠯ ᠪᠠᠯᠭᠠᠰᠤ ᠤᠯᠠᠮᠵᠢᠯᠠᠯᠲᠤ ᠪᠠᠶᠠᠷ ᠤᠨ ᠡᠳᠦᠷ ᠤᠨ ᠰᠣᠶᠣᠯ ᠤᠨ ᠠᠭᠤᠯᠤᠭᠳᠠᠬᠤᠨ ᠢ ᠦᠷᠭᠦᠯᠵᠢᠯᠡᠨ ᠠᠭᠤᠳᠠᠯᠤᠨ ᠢᠯᠡᠷᠡᠭᠦᠯᠤᠨ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠪᠠᠯᠭᠠᠰᠤᠨ ᠤ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠤᠨ᠎ᠠ᠃      
 
ᠢᠷᠡᠯᠲᠡ᠄ ᠪᠠᠶᠠᠨᠭᠤᠣᠯ ᠪᠠᠯᠭᠠᠰᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号