ᠰᠢᠷ᠎ᠠ ᠪᠤᠷᠴᠠᠭ ᠢᠶᠠᠨ ᠬᠠᠳᠣᠵᠣ ᠬᠤᠷᠢᠶᠠᠵᠤ ᠡᠬᠢᠯᠡᠭᠰᠡᠨ ᠨᠢ
ᠨᠡᠶᠢᠲᠡᠯᠡᠭᠰᠡᠨ ᠴᠠᠭ᠄
2024/10/15
     ᠵᠠᠯᠠᠶᠢᠳ ᠬᠤᠰᠢᠭᠤᠨ ᠤ ᠪᠠᠶᠠᠨᠵᠢᠯᠠᠭ᠎ᠠ ᠰᠢᠶᠠᠩ ᠤᠨ ᠰᠢᠷ᠎ᠠ ᠪᠤᠷᠴᠠᠭ ᠬᠠᠳᠣᠵᠣ ᠬᠤᠷᠢᠶᠠᠬᠤ ᠬᠤᠭᠤᠴᠠᠭᠠᠨ  ᠳᠤ ᠤᠷᠤᠵᠤ᠂ ᠥᠷᠭᠡᠨ ᠤᠯᠠᠨ ᠲᠠᠷᠢᠮᠠᠯ ᠤᠨ ᠡᠷᠦᠬᠡ ᠴᠠᠭ ᠢ ᠠᠮᠵᠢᠨ ᠬᠤᠷᠢᠶᠠᠯᠲᠠ ᠶᠢᠨ ᠠᠬᠢᠴᠠ ᠶᠢ ᠲᠦᠷᠭᠡᠳᠬᠡᠵᠦ᠂ ᠮᠥᠬᠦᠯᠢᠭ ᠠᠮᠤ ᠶᠢ ᠬᠥᠮᠥᠷᠭᠡ ᠳᠤ ᠣᠷᠣᠭᠤᠯᠤᠨ ᠡᠯᠪᠡᠭ ᠬᠤᠷᠢᠶᠠᠯᠲᠠ ᠪᠠᠨ ᠪᠠᠲᠤᠯᠠᠵᠤ ᠪᠤᠢ᠃      ᠪᠠᠶᠠᠨᠵᠢᠯᠠᠭ᠎ᠠ ᠰᠢᠶᠠᠩ ᠤᠨ ᠴᠢ ᠵᠢᠶᠠ ᠽᠢ ᠲᠣᠰᠬᠤᠨ ᠤ ᠰᠢᠷ᠎ᠠ ᠪᠤᠷᠴᠠᠭ ᠤᠨ ᠲᠠᠷᠢᠶᠠᠨ ᠳᠤ 3 ᠲᠣᠮᠣ ᠬᠡᠯᠪᠡᠷᠢ ᠶᠢᠨ ᠬᠠᠳᠤᠵᠤ ᠬᠤᠷᠢᠶᠠᠬᠤ ᠮᠠᠰᠢᠨ ᠨᠠᠭᠠᠰᠢ ᠴᠠᠭᠠᠰᠢ ᠰᠦᠯᠵᠢᠯᠳᠦᠵᠦ᠂ ᠰᠢᠷ᠎ᠠ ᠪᠤᠷᠴᠠᠭ ᠬᠠᠳᠣᠬᠤ᠂  ᠬᠠᠳᠤᠵᠤ ᠬᠤᠷᠢᠶᠠᠭᠰᠠᠨ ᠰᠢᠷ᠎ᠠ ᠪᠤᠷᠴᠠᠭ ᠢ ᠲᠡᠭᠡᠭᠡᠪᠤᠷᠢᠯᠡᠬᠦ ᠵᠡᠷᠭᠡ ᠠᠵᠢᠯ ᠢ ᠭᠦᠢᠴᠡᠳᠭᠡᠭᠡᠨ᠂ ᠠᠯᠲᠠᠨ ᠰᠢᠷᠭᠠᠯ ᠰᠢᠷ᠎ᠠ ᠪᠤᠷᠴᠠᠭ ᠤᠨ ᠲᠠᠷᠢᠶ᠎ᠠ ᠳᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠷ ᠪᠢᠯᠬᠠᠯ᠎ᠠ  ᠃      ︽ᠮᠦ ᠪᠦᠷᠢ ᠶᠢᠨ ᠤᠨᠠᠯᠲᠠ ᠶᠢᠨ ᠠᠩᠬ᠎ᠠ ᠠᠯᠬᠤᠮ ᠤᠨ ᠲᠥᠰᠦᠪᠯᠡᠯᠲᠡ ᠪᠠᠷ 230 ᠺᠢᠯᠣᠭ᠍ᠷᠠᠮ ᠠᠴᠠ ᠳᠡᠭᠡᠭᠰᠢ ᠪᠦᠭᠡᠳ ᠶᠡᠷᠦᠩᠬᠡᠶ ᠤᠨᠠᠯᠲᠠ ᠨᠢ 700 ᠲᠣᠨ ᠠᠴᠠ ᠳᠡᠭᠡᠭᠰᠢ ᠳᠤ ᠬᠦᠷᠴᠦ᠂ ᠺᠣᠮᠫᠠᠨᠢ ᠶᠢᠨ ᠲᠣᠰᠣ ᠰᠢᠬᠠᠬᠤ ᠲᠠᠰᠤᠭ ᠤᠨ ᠲᠦᠭᠦᠬᠡᠶ ᠮᠠᠲ᠋ᠧᠷᠢᠶᠠᠯ ᠳᠤ ᠪᠠᠲᠤ ᠴᠢᠩᠭ᠎ᠠ ᠪᠠᠲᠤᠯᠠᠭ᠎ᠠ ᠬᠠᠩᠭᠠᠭᠬᠤ ᠪᠤᠯᠤᠨ᠎ᠠ︾ ᠭᠡᠵᠤ ᠵᠠᠯᠠᠶᠢᠳ ᠬᠤᠰᠢᠭᠤᠨ ᠤ ᠶᠢᠨ ᠪᠠᠢ ᠰᠦᠢ ᠠᠮᠤ ᠲᠤᠰᠤᠨ ᠤ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠳᠠᠭᠠᠭᠠᠮᠠᠯ ᠸᠠᠩ ᠶᠢᠨ ᠢᠦᠢ ᠬᠡᠯᠡᠪᠡ᠃      ︽ᠣᠶᠢᠷ᠎ᠠ ᠶᠢᠨ ᠵᠢᠯ ᠠᠴᠠ᠂ ᠪᠠᠶᠠᠨᠵᠢᠯᠠᠭ᠎ᠠ ᠰᠢᠶᠠᠩ ᠤᠨ ᠰᠢᠷ᠎ᠠ ᠪᠤᠷᠴᠠᠭ ᠳᠠᠷᠢᠬᠤ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ 2024 ᠣᠨ ᠳᠤ ᠲᠣᠰᠣ ᠶᠡᠬᠡᠲᠡᠶ ᠰᠢᠷ᠎ᠠ ᠪᠤᠷᠴᠠᠭ ᠢ 3 ᠲᠦᠮᠡᠨ ᠮᠥ ᠳᠠᠷᠢᠭᠠᠳ ᠣᠲᠣ ᠨᠢᠭᠡᠨᠲᠡ ᠬᠠᠳᠤᠵᠤ ᠡᠬᠢᠯᠡᠪᠡ᠃ ᠣᠯᠠᠨ ᠵᠢᠯ ᠤᠨ ᠲᠤᠷᠰᠢ᠂ ᠪᠠᠶᠠᠨᠵᠢᠯᠠᠭ᠎ᠠ ᠰᠢᠶᠠᠩ ᠰᠢᠷ᠎ᠠ ᠪᠤᠷᠴᠠᠭ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠬᠦᠴᠦᠷᠬᠡᠭᠵᠢᠭᠦᠯᠬᠦ ᠠᠵᠠ ᠲᠣᠬᠢᠶᠠᠯ ᠢ ᠴᠢᠩᠭ᠎ᠠ ᠠᠳᠬᠤᠵᠤ᠂ ︿ᠬᠥᠲᠥᠴᠢ ᠠᠵᠤ ᠠᠬᠤᠶᠢᠯᠠᠯ ᠤᠨ ᠲᠠᠷᠢᠮᠠᠯ ᠤᠨ ᠰᠠᠭᠤᠷᠢᠨ ᠭᠠᠵᠠᠷ ᠤᠨ ᠵᠢᠱᠢᠶ᠎ᠡ ᠦᠵᠡᠭᠦᠯᠬᠦ﹀ ᠬᠥᠭᠵᠢᠯᠲᠡ ᠶᠢᠨ ᠵᠠᠭᠪᠤᠷ ᠢ ᠪᠠᠷᠢᠮᠲᠠᠯᠠᠵᠤ᠂ ᠰᠢᠷ᠎ᠠ ᠪᠤᠷᠴᠠᠭ ᠤᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠰᠢᠷ᠎ᠠ ᠪᠤᠷᠴᠠᠭ ᠤᠨ ᠠᠵᠤ ᠦᠢᠯᠡᠰ ᠤᠨ ᠵᠢᠱᠢᠶ᠎ᠡ ᠦᠵᠡᠭᠦᠯᠦᠨ ᠰᠢᠶᠠᠩ ᠢ ᠬᠦᠴᠦᠷᠬᠡᠭᠵᠢᠭᠦᠯᠬᠦ ᠶᠢ ᠴᠢᠷᠮᠠᠶᠢᠨ ᠪᠣᠶ ᠪᠣᠯᠭᠠᠵᠤ ᠪᠠᠶᠢᠨ᠎ᠠ︾ ᠭᠡᠵᠤ ᠵᠠᠯᠠᠶᠢᠳ ᠬᠤᠰᠢᠭᠤᠨ ᠤ ᠪᠠᠶᠠᠨᠵᠢᠯᠠᠭ᠎ᠠ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠸᠧᠢ ᠬᠡᠯᠡᠪᠡ᠃
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号