ᠤᠯᠤᠰ ᠤᠨ ᠡᠮᠴᠢᠯᠡᠬᠡᠨ ᠤ ᠪᠦᠯᠬᠦᠮ ᠮᠠᠨ ᠤ ᠬᠤᠰᠢᠭᠤᠨ ᠳᠤ ᠢᠷᠡᠵᠤ ᠡᠮᠴᠢᠯᠡᠬᠡᠨ ᠬᠢᠪᠡ
ᠨᠡᠶᠢᠲᠡᠯᠡᠭᠰᠡᠨ ᠴᠠᠭ᠄
2024/10/15
    ᠤᠶᠢᠷ᠎ᠠ ᠳᠤ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠨᠢᠬᠡᠳᠦᠭᠡᠷ ᠬᠠᠷᠢᠶᠠᠳᠤ ᠡᠮᠨᠡᠯᠬᠡ ᠶᠢᠨ ᠬᠤᠷᠢᠶᠠᠨ ᠤ ᠲᠡᠳ᠋ ᠬᠤᠷᠢᠶᠠᠨ ᠲᠠᠷᠤᠭ᠎ᠠ ᠬᠠᠨ ᠵᠢᠶᠠᠨ ᠹᠧᠩ ᠤᠯᠤᠰ ᠤᠨ ᠡᠮᠴᠢᠯᠡᠬᠡᠨ ᠤ ᠪᠦᠯᠬᠦᠮ ᠤᠨ ᠲᠠᠷᠤᠭ᠎ᠠ ᠳᠤ ᠲᠤᠭ ᠤᠯᠭᠤᠵᠦ᠂ 2024 ᠤᠨ ᠤ ᠤᠯᠤᠰ ᠤᠨ ᠡᠮᠴᠢᠯᠡᠬᠡᠨ ᠤ ᠪᠦᠯᠬᠦᠮ ᠤᠨ ᠬᠢᠨᠭ᠍ᠭᠠᠨ ᠠᠶᠢᠮᠠᠭ ᠳᠠᠬᠢ ᠡᠮᠴᠢᠯᠡᠬᠡᠨ ᠤ ᠠᠵᠢᠯ ᠵᠢᠩᠬᠢᠨᠢ ᠪᠠᠷ ᠡᠬᠢᠯᠡᠭᠰᠡᠨ ᠢ ᠵᠠᠷᠯᠠᠵᠠᠢ᠃      ᠤᠶᠢᠯᠠᠭᠠᠬᠰᠠᠨ ᠢᠶᠠᠷ᠂ ᠲᠤᠮᠳᠠ ᠪᠠ ᠪᠠᠷᠠᠭᠤᠨ ᠤᠷᠤᠨ ᠢᠶᠠᠷ ᠪᠠᠶᠢᠷᠢᠯᠠᠵᠦ ᠪᠠᠶᠢᠭ᠎ᠠ ᠤᠯᠤᠰ ᠤᠨ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠦᠷᠦᠨ ᠲᠡᠳᠬᠦᠬᠦ ᠬᠤᠰᠢᠭᠤ ᠰᠢᠶᠠᠨ᠂ ᠶᠠᠳᠠᠭᠤ ᠠᠴᠠ ᠠᠩᠬᠢᠵᠢᠷᠠᠬᠰᠠᠨ ᠬᠤᠰᠢᠭᠤ ᠰᠢᠶᠠᠨ᠂ ᠴᠦᠬᠡᠨ ᠲᠤᠭᠠᠳᠤ ᠦᠨᠳᠦᠰᠦᠳᠡᠨ ᠲᠦᠪᠯᠡᠷᠡᠨ ᠰᠠᠭᠤᠷᠢᠰᠢᠬᠰᠠᠨ ᠬᠤᠰᠢᠭᠤ ᠰᠢᠶᠠᠨ᠂ ᠬᠢᠯᠢ ᠬᠢᠵᠠᠭᠠᠷ ᠢᠶᠠᠷ ᠪᠠᠶᠢᠷᠢᠯᠠᠵᠦ ᠪᠠᠶᠢᠭ᠎ᠠ ᠬᠤᠰᠢᠭᠤ ᠰᠢᠶᠠᠨ ᠵᠡᠷᠭᠡ ᠭᠠᠵᠠᠷ ᠤᠨ ᠡᠮᠴᠢᠯᠡᠬᠡᠨ ᠤ ᠦᠢᠯᠡᠴᠢᠯᠡᠭᠡ ᠶᠢᠨ ᠴᠢᠳᠠᠪᠦᠷᠢ ᠲᠤᠷᠤᠢ ᠪᠠᠶᠢᠬᠤ ᠪᠤᠳᠠᠳᠤ ᠪᠠᠶᠢᠳᠡᠯ ᠳᠤ ᠴᠢᠭᠯᠡᠭᠦᠯᠵᠦ᠂ ᠡᠮᠴᠢᠯᠡᠬᠡᠨ ᠤ ᠰᠢᠯᠢᠳᠡᠭ ᠡᠬᠢ ᠪᠠᠶᠠᠯᠢᠭ ᠢ ᠦᠨᠳᠦᠰᠦᠨ ᠱᠠᠳᠤᠨ ᠳᠤ ᠬᠦᠷᠬᠡᠬᠦ ᠪᠠᠷ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠤᠨ ᠬᠢᠨ ᠤᠯᠤᠰ ᠤᠨ ᠡᠮᠴᠢᠯᠡᠬᠡᠨ ᠤ ᠪᠦᠯᠬᠦᠮ ᠢ ᠵᠤᠬᠢᠶᠠᠨ ᠪᠠᠶᠢᠭᠤᠯᠤᠨ᠂ ᠬᠠᠮᠢᠶ᠎ᠠ ᠪᠦᠬᠦᠢ ᠭᠠᠵᠠᠷ ᠤᠷᠤᠨ ᠢᠶᠠᠷ ᠡᠮᠴᠢᠯᠡᠬᠡᠨ ᠤ ᠠᠵᠢᠯᠯᠠᠭ᠎ᠠ ᠦᠷᠨᠢᠬᠦᠯᠬᠦ ᠪᠠᠷ ᠲᠤᠬᠳᠠᠵᠠᠢ᠃ ᠤᠯᠤᠰ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠤᠨ ᠬᠠᠷᠢᠶᠠᠳᠤ ᠡᠮᠨᠡᠯᠬᠡ ᠶᠢᠨ ᠬᠤᠷᠢᠶ᠎ᠠ ᠪᠤᠯᠤᠬᠰᠠᠨ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠨᠢᠬᠡᠳᠦᠭᠡᠷ ᠬᠠᠷᠢᠶᠠᠳᠤ ᠡᠮᠨᠡᠯᠬᠡ ᠶᠢᠨ ᠬᠤᠷᠢᠶ᠎ᠠ 6 ᠰᠠᠯᠠᠭ᠎ᠠ ᠲᠠᠰᠤᠭ ᠤᠨ ᠲᠤᠰᠬᠠᠢ ᠮᠡᠷᠬᠡᠵᠢᠯᠳᠡᠨ ᠢᠶᠠᠨ ᠵᠤᠬᠢᠶᠠᠨ ᠪᠠᠶᠢᠭᠤᠯᠤᠨ᠂ ᠬᠢᠨᠭ᠍ᠭᠠᠨ ᠠᠶᠢᠮᠠᠭ ᠤᠨ ᠠᠷᠠᠳ ᠤᠨ ᠡᠮᠨᠡᠯᠬᠡ ᠶᠢᠨ ᠬᠤᠷᠢᠶ᠎ᠠ᠂ ᠷᠠᠰᠢᠶᠠᠨ ᠬᠤᠳᠠ ᠶᠢᠨ ᠠᠷᠠᠳ ᠤᠨ ᠡᠮᠨᠡᠯᠬᠡ ᠶᠢᠨ ᠬᠤᠷᠢᠶ᠎ᠠ᠂ ᠵᠠᠯᠠᠶᠢᠳ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶ᠎ᠠ ᠶᠢᠨ ᠶᠠᠰᠦᠨ ᠤ ᠰᠠᠯᠠᠭ᠎ᠠ᠂ ᠬᠠᠪᠦᠳᠡᠷ ᠤᠨ ᠲᠤᠳᠤᠷ ᠰᠠᠯᠠᠭ᠎ᠠ᠂ ᠭᠠᠳᠠᠷ ᠰᠠᠯᠠᠭ᠎ᠠ᠂ ᠡᠮᠡᠭᠳᠡᠢ ᠶᠢᠨ ᠡᠪᠡᠳᠴᠢᠨ ᠤ ᠰᠠᠯᠠᠭ᠎ᠠ᠂ ᠵᠢᠷᠦᠬᠡᠨ ᠲᠤᠳᠤᠷ ᠰᠠᠯᠠᠭ᠎ᠠ᠂ ᠠᠷᠠᠰᠦᠨ ᠡᠪᠡᠳᠴᠢᠨ ᠤ ᠰᠠᠯᠠᠭ᠎ᠠ ᠪᠠᠷ ᠭᠤᠷᠪᠠᠨ ᠭᠠᠷᠠᠭ ᠤᠨ ᠬᠤᠭᠤᠴᠠᠭ᠎ᠠ ᠲᠠᠢ ᠡᠮᠴᠢᠯᠡᠬᠡᠨ ᠤ ᠠᠵᠢᠯᠯᠠᠭ᠎ᠠ ᠦᠷᠨᠢᠬᠦᠯᠵᠦ᠂ ᠤᠯᠤᠰ ᠤᠨ ᠡᠮᠴᠢᠯᠡᠬᠡᠨ ᠤ ᠪᠦᠯᠬᠦᠮ ᠤᠨ ᠨᠡᠷᠡᠳᠤ ᠲᠤᠰᠬᠠᠢ ᠮᠡᠷᠬᠡᠵᠢᠯᠳᠡᠨ ᠤ ᠡᠮᠴᠢᠯᠡᠬᠡᠨ ᠤ ᠦᠢᠯᠡᠴᠢᠯᠡᠭᠡ ᠶᠢ ᠬᠢᠨᠭ᠍ᠭᠠᠨ ᠠᠶᠢᠮᠠᠭ ᠤᠨ ᠠᠷᠠᠳ ᠲᠦᠮᠡᠨ ᠳᠤ ᠡᠳ᠋ᠯᠡᠬᠦᠯᠬᠦ ᠪᠤᠯᠤᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号