ᠡᠯᠪᠡᠭ ᠬᠤᠷᠢᠶᠠᠯᠳᠠ ᠶᠢᠨ ᠡᠭᠡᠰᠢᠭ ᠡᠬᠡ ᠨᠤᠳᠤᠭ ᠢᠶᠠᠷ ᠬᠠᠩᠬᠢᠨᠠᠨ᠎ᠠ
ᠨᠡᠶᠢᠲᠡᠯᠡᠭᠰᠡᠨ ᠴᠠᠭ᠄
2024/10/18
     ᠲᠠᠷᠭᠤᠨ ᠨᠠᠮᠤᠷ ᠤᠨ ᠲᠠᠩᠰᠤᠭ ᠤᠯᠠᠷᠢᠯ ᠪᠤᠯᠤᠬᠰᠠᠨ᠎ᠠ ᠡᠯᠪᠡᠭ ᠬᠤᠷᠢᠶᠠᠯᠳᠠ ᠶᠢᠨ ᠡᠭᠡᠰᠢᠭ ᠬᠢᠩᠭᠠᠨ ᠨᠤᠳᠤᠭ ᠢᠶᠠᠷ ᠬᠠᠩᠬᠢᠨᠠᠵᠦ᠂ ᠪᠦᠬᠦ ᠠᠶᠢᠮᠠᠭ ᠤᠨ 1780 ᠲᠦᠮᠡᠨ ᠮᠤ᠋ ᠲᠠᠷᠢᠶ᠎ᠠ ᠤᠳᠤ ᠨᠢᠬᠡᠨᠳᠡ ᠬᠤᠷᠢᠶᠠᠬᠤ ᠬᠤᠭᠤᠴᠠᠭᠠᠨ ᠳᠠᠭᠠᠨ ᠤᠷᠤᠪᠠ᠃ ᠨᠢᠳᠤᠨᠤᠨ ᠪᠤᠯᠳᠠᠯ᠎ᠠ ᠪᠦᠬᠦ ᠠᠶᠢᠮᠠᠭ ᠤᠨ ᠠᠮᠤ ᠪᠤᠳᠠᠭᠠᠨ ᠤ ᠤᠨᠠᠯᠳᠠ ︽ᠠᠷᠪᠠᠨ ᠲᠦᠷᠪᠡᠨ ᠵᠢᠯ ᠲᠠᠷᠠᠭᠠᠯᠠᠨ ᠡᠯᠪᠡᠭ ᠬᠤᠷᠢᠶᠠᠯᠳᠠ ᠤᠯᠵᠤ︾᠂ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠠ ︽ᠠᠷᠪᠠᠨ ᠵᠢᠯ ᠲᠠᠷᠠᠭᠠᠯᠠᠨ ᠲᠤᠭᠳᠠᠭᠤᠨ︾ ᠢ ᠪᠠᠳᠤᠯᠠᠭᠠᠳ ᠡ᠊ᠨᠠ ᠵᠢᠯ ᠬᠢᠩᠭᠠᠨ ᠠᠶᠢᠮᠠᠭ ᠮᠦᠨ ᠴᠤ ᠡᠯᠪᠡᠭ ᠬᠤᠷᠢᠶᠠᠯᠳᠠ ᠪᠠᠨ ᠤᠭᠳᠤᠨ ᠠᠪᠴᠢᠷᠠᠯ᠎ᠠ᠃      ᠤᠶᠢᠷ᠎ᠠ ᠶᠢᠨ ᠡᠳᠤᠷ᠂ 2024 ᠤᠨ ᠤ ︽ᠲᠤᠮᠳᠠᠳᠤ ᠤᠯᠤᠰ ᠤᠨ ᠲᠠᠷᠢᠶᠠᠴᠢᠨ ᠤ ᠡᠯᠪᠡᠭ ᠬᠤᠷᠢᠶᠠᠯᠳᠠ ᠶᠢᠨ ᠪᠠᠶᠠᠷ︾ ᠤᠨ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠭᠤᠤᠯ ᠬᠤᠷᠠᠯ ᠢ ᠵᠠᠯᠠᠶᠢᠳ ᠬᠤᠰᠢᠭᠤᠨ ᠤ ᠬᠤᠯᠪᠤᠭ᠎ᠠ ᠲᠤᠳᠤᠷᠭᠠᠨ ᠲᠠᠷᠢᠶᠠᠨ ᠤ ᠦᠵᠡᠮᠵᠢ ᠶᠢᠨ ᠤᠷᠤᠨ ᠳᠤ ᠶᠠᠪᠤᠭᠳᠠᠭᠤᠯᠪᠠ᠃ ᠲᠤᠳᠤᠷᠭᠠᠨ ᠲᠠᠷᠢᠶᠠᠨ ᠤ ᠠᠮᠳᠠᠳᠤ ᠢᠳᠡᠭᠡᠨ ᠤ ᠦᠵᠡᠬᠦᠯᠭᠡ᠂ ᠲᠤᠳᠤᠷᠭᠠᠨ ᠲᠠᠷᠢᠶᠠᠨ ᠤ ᠭᠡᠷᠡᠯ ᠵᠢᠷᠤᠭ ᠤᠨ ᠦᠵᠡᠬᠦᠯᠭᠡ᠂ ᠲᠤᠳᠤᠷᠭᠠᠨ ᠲᠠᠷᠢᠶᠠᠨ ᠤ ᠲᠠᠭᠤᠥ ᠬᠦᠭᠵᠢᠮ ᠤᠨ ᠨᠠᠶᠢᠷ᠂ ᠲᠤᠳᠤᠷᠭᠠᠨ ᠲᠠᠷᠢᠶᠠᠨ ᠤ ᠮᠠᠨᠵᠤ ᠲᠡᠪᠡᠯ ᠤᠨ ᠦᠵᠡᠬᠦᠯᠭᠡ ᠵᠡᠷᠭᠡ ᠡᠯᠪᠡᠭ ᠪᠠᠶᠠᠯᠢᠭ ᠰᠤᠶᠤᠯ ᠤᠨ ᠲᠡᠯᠭᠡᠨ ᠦᠵᠡᠬᠦᠯᠭᠡ ᠶᠢ ᠲᠤᠬᠠᠢ ᠶᠢᠨ ᠲᠠᠯᠠᠪᠠᠢ ᠳᠤ ᠬᠦᠷ ᠬᠦᠭᠵᠢᠶᠡᠨ ᠲᠠᠢ ᠶᠠᠪᠤᠬᠳᠠᠭᠤᠯᠵᠠᠢ᠃ ︽ᠡᠯᠪᠡᠭ ᠬᠤᠷᠢᠶᠠᠯᠳᠠ ᠶᠢᠨ ᠪᠠᠶᠠᠷ ᠪᠤᠯ ᠮᠠᠨ ᠤ ᠲᠠᠷᠢᠶᠠᠴᠢᠳ ᠤᠨ ᠪᠠᠶᠠᠷ ᠤᠨ ᠡᠳᠤᠷ ᠪᠤᠯᠤᠨ᠎ᠠ᠂ ᠡ᠊ᠨᠠ ᠵᠢᠯ ᠪᠠᠰᠠ ᠨᠢᠭᠡᠨ ᠡᠯᠪᠡᠭ ᠬᠤᠷᠢᠶᠠᠯᠳᠠ ᠤᠯᠤᠭᠰᠠᠨ ᠵᠢᠯ ᠪᠤᠯᠵᠠᠢ︾ ᠭᠡᠵᠤ ᠵᠠᠯᠠᠶᠢᠳ ᠬᠤᠰᠢᠭᠤᠨ ᠤ ᠡᠣ ᠳ᠋ᠤᠤ ᠾᠧ ᠽᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠬᠠᠷᠢᠭᠤᠴᠠᠯᠭᠠᠳᠠᠨ ᠳ᠋ᠦ᠋ ᠭᠠᠩ ᠶᠠᠷᠢᠨ᠎ᠠ᠃ ᠡ᠊ᠨᠠ ᠬᠡᠳᠤᠨ ᠵᠢᠯ ᠲᠡᠷᠠ ᠤᠶᠤᠨᠴᠢ ᠲᠠᠷᠢᠶᠠᠯᠠᠩ ᠤᠨ ᠦᠢᠯᠡᠰ᠂ ᠠᠮᠢ ᠠᠬᠤᠢ ᠶᠢᠨ ᠲᠠᠷᠢᠶᠠᠯᠠᠩ ᠤᠨ ᠦᠢᠯᠡᠰ᠂ ᠤᠨᠴᠠᠯᠢᠭᠳᠤ ᠲᠠᠷᠢᠶᠠᠯᠠᠩ ᠤᠨ ᠦᠢᠯᠡᠰ ᠲᠡᠭᠡᠷ᠎ᠠ ᠬᠦᠴᠤᠯᠡᠵᠦ᠂ ︽ᠰᠢᠯᠢᠳᠡᠭ ᠲᠠᠷᠢᠶᠠᠨ ᠭᠠᠵᠠᠷ + ᠰᠢᠯᠢᠳᠡᠭ ᠠᠷᠭ᠎ᠠ ᠠᠪᠴᠠᠯ + ᠰᠢᠯᠢᠳᠡᠭ ᠮᠡᠷᠭᠡᠵᠢᠯ︾ ᠤᠨ ᠵᠠᠭᠪᠤᠷ ᠢ ᠬᠡᠷᠡᠭᠯᠡᠭᠰᠡᠨ ᠠᠴᠠ ᠬᠤᠷᠰᠢᠶ᠎ᠠ ᠶᠢᠨ 1.2 ᠲᠦᠮᠡᠨ ᠮᠤ᠋ ᠲᠠᠷᠢᠶ᠎ᠠ ᠨᠢ ᠵᠢᠯ ᠪᠦᠷᠢ ᠡᠯᠪᠡᠭ ᠬᠤᠷᠢᠶᠠᠯᠳᠠ ᠤᠯᠵᠤ᠂ ᠲᠠᠷᠢᠶᠠᠨ ᠤ ᠤᠨᠠᠯᠳᠠ ᠶᠢ ᠪᠠᠳᠤᠯᠠᠵᠦ᠂ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠪᠡ᠃       ᠬᠢᠩᠭᠠᠨ ᠠᠶᠢᠮᠠᠭ ᠤᠨ 6 ᠬᠤᠰᠢᠭᠤ ᠰᠢᠶᠠᠨ ᠬᠤᠳᠠ ᠶᠢᠨ 5 ᠨᠢ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠤᠮᠤ ᠬᠤᠰᠢᠭᠤ ᠰᠢᠶᠠᠨ ᠪᠤᠯᠤᠨ᠎ᠠ᠃ ᠡ᠊ᠨᠠ ᠵᠢᠯ᠂ ᠬᠢᠩᠭᠠᠨ ᠠᠶᠢᠮᠠᠭ 1780 ᠲᠦᠮᠡᠨ  ᠮᠤ᠋ ᠲᠠᠷᠢᠶ᠎ᠠ ᠲᠠᠷᠢᠵᠦ᠂ ᠡᠬᠦᠨ ᠳᠤ ᠠᠮᠤ ᠪᠤᠳᠠᠭ᠎ᠠ ᠶᠢ 1700 ᠲᠦᠮᠡᠨ ᠮᠤ᠋ ᠲᠠᠷᠢᠵᠦ᠂ ᠡᠷᠳᠡᠨᠢ ᠰᠢᠰᠢ ᠶᠢ 1278.2 ᠲᠦᠮᠡᠨ ᠮᠤ᠋ ᠲᠠᠷᠢᠵᠦ᠂ ᠤᠰᠤᠨ ᠲᠤᠳᠤᠷᠭ᠎ᠠ ᠶᠢ 115 ᠲᠦᠮᠡᠨ ᠮᠤ᠋ ᠲᠠᠷᠢᠵᠦ᠂ ᠪᠠᠷᠤᠬᠯᠠᠪᠠᠯ 140 ᠳ᠋ᠦᠩᠰᠢᠭᠤᠷ ᠵᠢᠩ ᠠᠮᠤ ᠪᠤᠳᠠᠭ᠎ᠠ ᠬᠤᠷᠢᠶᠠᠵᠦ᠂ ︽ᠠᠷᠪᠠᠨ ᠲᠠᠪᠤᠨ ᠵᠢᠯ ᠲᠠᠷᠠᠭᠠᠯᠠᠨ ᠡᠯᠪᠡᠭ ᠬᠤᠷᠢᠶᠠᠯᠳᠠ ᠤᠯᠬᠤ︾ ᠪᠤᠯᠤᠨ᠎ᠠ᠃      ᠠᠮᠤ ᠪᠤᠳᠠᠭᠠᠨ ᠤ ᠤᠨᠠᠯᠳᠠ ᠡᠯᠪᠡᠭ ᠬᠤᠷᠢᠶᠠᠯᠳᠠ ᠤᠯᠤᠭᠰᠠᠨ ᠤ ᠬᠠᠮᠳᠤ ᠮᠠᠯ ᠠᠵᠤ ᠠᠬᠤᠢ ᠴᠤ ᠡᠯᠪᠡᠭ ᠬᠤᠷᠢᠶᠠᠯᠳᠠ ᠤᠯᠵᠠᠢ᠃ ᠬᠢᠩᠭᠠᠨ ᠠᠶᠢᠮᠠᠭ ᠵᠢᠯ ᠪᠦᠷᠢ 50 ᠳ᠋ᠦᠩᠰᠢᠭᠤᠷ ᠺᠢᠯᠦᠭᠷᠡᠮ ᠡᠪᠡᠰᠦ ᠬᠤᠷᠢᠶᠠᠵᠦ᠂ ᠵᠢᠯ ᠪᠦᠷᠢ 7 ᠳ᠋ᠦᠩᠰᠢᠭᠤᠷ ᠺᠢᠯᠦᠭᠷᠡᠮ ᠠᠴᠠ ᠲᠡᠭᠡᠭᠰᠢᠬᠢ ᠡᠪᠡᠰᠦ ᠨᠦᠭᠡᠴᠡᠯᠡᠵᠦ ᠪᠠᠶᠢᠨ᠎ᠠ᠃ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠤᠰᠤᠨ ᠡᠬᠢ ᠭᠠᠴᠠᠭᠠᠨ ᠤ ᠮᠠᠯᠴᠢᠨ ᠪᠤᠤ ᠪᠠᠢ ᠰᠦᠢ ᠶᠢᠨ ᠬᠢᠨ 3300 ᠮᠤ᠋ ᠭᠠᠷᠤᠢ ᠪᠡᠯᠴᠢᠭᠡᠷ ᠲᠠᠢ᠃ ᠬᠡᠳᠤᠨ ᠵᠢᠯ ᠤᠨ ᠡᠮᠤᠨ᠎ᠠ᠂ ᠬᠤᠨᠢ ᠮᠠᠯ ᠲᠡᠵᠢᠭᠡᠬᠦ ᠪᠠᠨ ᠪᠤᠯᠢᠵᠦ᠂ ᠲᠤᠰᠬᠠᠶᠢᠯᠠᠨ ᠡᠪᠡᠰᠤ ᠪᠠᠨ ᠪᠤᠭᠤᠳᠠᠯᠯᠠᠵᠦ ᠬᠤᠳᠠᠯᠳᠤᠭᠠᠳ ᠤᠷᠤᠯᠭ᠎ᠠ ᠪᠠᠨ ᠵᠢᠯ ᠠᠴᠠ ᠵᠢᠯ ᠨᠡᠮᠡᠭᠳᠡᠭᠦᠯᠵᠦ ᠪᠤᠢ᠃ ︽ᠡ᠊ᠨᠠ ᠵᠢᠯ 1200 ᠭᠠᠷᠤᠢ ᠪᠤᠭᠤᠯᠳᠠ ᠡᠪᠡᠰᠤ ᠬᠤᠷᠢᠶᠠᠵᠤ᠂ ᠪᠤᠭᠤᠯᠳᠠ ᠪᠦᠷᠢ ᠶᠢ 300 ᠭᠠᠷᠤᠢ ᠲᠦᠬᠦᠷᠢᠭ ᠢᠶᠠᠷ ᠬᠤᠳᠠᠯᠳᠤᠪᠡᠯ 30 ᠭᠠᠷᠤᠢ ᠲᠦᠮᠡᠨ ᠲᠦᠬᠦᠷᠢᠭ ᠤᠯᠬᠤ ᠳᠤ ᠠᠰᠠᠭᠤᠳᠠᠯ ᠦᠭᠡᠢ︾ ᠭᠡᠵᠤ ᠪᠤᠥ ᠪᠠᠢ ᠰᠦᠢ ᠶᠠᠷᠢᠪᠠ᠃       ᠲᠦᠴᠢᠣᠸᠠᠨ ᠰᠢᠶᠠᠨ ᠤ ᠲᠦᠴᠢᠣᠸᠠᠨ ᠪᠠᠯᠭᠠᠰᠤᠨ ᠤ ᠳ᠋ᠦᠩ ᠱᠧᠩ ᠲᠤᠰᠬᠤᠨ ᠳᠤ ᠪᠠᠶᠢᠷᠢᠰᠢᠯᠠᠭ᠎ᠠ ᠦᠪᠤᠷ ᠮᠤᠩᠭᠤᠯ ᠤᠨ ᠳ᠋ᠧ ᠹᠦ᠋ ᠵᠢᠮᠢᠰ ᠤᠨ ᠠᠵᠤ ᠦᠢᠯᠡᠰ ᠤᠨ ᠬᠢᠵᠠᠭᠠᠷᠳᠤ ᠺᠤᠮᠫᠠᠨᠢ ᠶᠢᠨ ᠵᠢᠮᠢᠰ ᠤᠨ ᠬᠦᠷᠢᠶᠡᠯᠡᠩ ᠳᠤ ᠲᠤᠰᠬᠤᠨ ᠤ ᠲᠠᠷᠢᠶᠠᠴᠢᠳ ᠵᠢᠮᠢᠰ ᠲᠡᠬᠦᠵᠤ ᠶᠠᠭᠠᠷᠠᠯᠳᠤᠨ᠎ᠠ᠃ ᠲᠤᠰᠬᠤᠨ ᠳᠤ ᠵᠢᠮᠢᠰ ᠤᠨ ᠬᠦᠷᠢᠶᠡᠯᠡᠩ ᠲᠠᠢ ᠪᠤᠯᠤᠭᠰᠠᠨ ᠠᠴᠠ ᠲᠤᠰᠬᠤᠨ ᠤ ᠲᠠᠷᠢᠶᠠᠴᠢᠨ ᠵᠤᠤ ᠶᠠᠨ ᠡ᠊ᠨᠳᠠ ᠠᠵᠢᠯᠯᠠᠵᠤ᠂ ᠵᠢᠮᠢᠰ ᠤᠨ ᠮᠤᠳᠤ ᠶᠢ ᠬᠠᠮᠢᠶᠠᠷᠴᠤ ᠬᠠᠮᠠᠭᠠᠯᠠᠬᠤ ᠠᠴᠠ ᠲᠡᠬᠦᠬᠦ ᠬᠦᠷᠳᠡᠯ᠎ᠠ ᠠᠵᠢᠯᠯᠠᠬᠤ ᠪᠤᠯᠵᠠᠢ᠃ ︽ᠪᠢ ᠲᠤᠰ ᠺᠤᠮᠫᠠᠨᠢ ᠳᠤ ᠬᠡᠳᠤᠨ ᠵᠢᠯ ᠠᠵᠢᠯᠯᠠᠪᠠ᠃ ᠠᠵᠢᠯ ᠲᠠᠢ ᠪᠤᠯᠪᠠᠯ ᠢᠷᠠᠵᠤ᠂ ᠴᠠᠯᠢᠩ ᠢ ᠡᠳᠤᠷ ᠢᠶᠠᠷ ᠪᠤᠳᠤᠵᠤ᠂ ᠭᠡᠷ ᠤᠨ ᠢᠶᠠᠨ ᠤᠶᠢᠷᠠᠯᠴᠠᠭ᠎ᠠ ᠠᠵᠢᠯ ᠬᠢᠵᠤ ᠤᠷᠤᠯᠭ᠎ᠠ ᠪᠠᠨ ᠨᠡᠮᠡᠭᠳᠡᠬᠦᠯᠵᠤ ᠪᠠᠶᠢᠭ᠎ᠠ ᠳᠠᠭᠠᠨ ᠲᠦᠢᠯ ᠤᠨ ᠰᠡᠳᠬᠢᠯ ᠬᠠᠨᠤᠮᠵᠢᠳᠠᠢ︾ ᠭᠡᠵᠤ ᠵᠤᠤ ᠶᠠᠨ ᠶᠠᠷᠢᠨ᠎ᠠ᠃       ︽ᠮᠠᠨ ᠤ ᠵᠢᠮᠢᠰ ᠤᠨ ᠬᠦᠷᠢᠶᠡᠯᠡᠩ ᠵᠢᠮᠢᠰ ᠤᠨ ᠲᠦᠷᠤᠯ ᠵᠦᠢᠯ ᠢ ᠪᠠᠶᠠᠯᠢᠭᠵᠢᠭᠤᠯᠬᠤ ᠲᠡᠭᠡᠷ᠎ᠠ ᠬᠦᠴᠦᠯᠡᠵᠦ᠂ 2022 ᠤᠨ ᠳᠤ ᠲᠤᠰᠢᠯᠤᠭ ᠲᠤᠭᠤᠷ ᠲᠠᠷᠢᠵᠦ᠂ ᠬᠤᠶᠠᠷ ᠵᠢᠯ ᠤᠨ ᠨᠠᠷᠢᠨ ᠠᠷᠠᠴᠢᠯᠠᠭ᠎ᠠ ᠪᠠᠷ ᠤᠳᠤ ᠲᠤᠰᠤᠯᠢᠭ ᠲᠤᠭᠤᠷ ᠨᠢᠬᠡᠨᠳᠡ ᠪᠤᠯᠪᠠᠰᠤᠷᠠᠬᠰᠠᠨ ᠪᠠᠶᠢᠨ᠎ᠠ᠃ ᠲᠦᠷᠦᠭᠦᠤ ᠵᠢᠯ 500 ᠭᠠᠷᠤᠢ ᠲᠤᠰᠢᠯᠤᠭ ᠲᠤᠭᠤᠷ ᠤᠨ ᠮᠤᠳᠤᠨ ᠠᠴᠠ 1000 ᠭᠠᠷᠤᠢ ᠵᠢᠩ ᠵᠢᠮᠢᠰ ᠬᠤᠷᠢᠶᠠᠵᠤ᠂ ᠲᠠᠷᠠᠭ᠎ᠠ ᠵᠢᠯ ᠤᠨ ᠤᠨᠠᠯᠳᠠ ᠪᠠᠷᠤᠭ ᠲᠠᠬᠢᠨ ᠢᠶᠠᠷ ᠨᠡᠮᠡᠭᠳᠡᠨ᠎ᠠ︾ ᠭᠡᠵᠤ ᠦᠪᠤᠷ ᠮᠤᠩᠭᠤᠯ ᠤᠨ ᠳ᠋ᠧ ᠹᠦ᠋ ᠵᠢᠮᠢᠰ ᠤᠨ ᠠᠵᠤ ᠦᠢᠯᠡᠰ ᠤᠨ ᠬᠢᠵᠠᠭᠠᠷᠳᠤ ᠺᠤᠮᠫᠠᠨᠢ ᠶᠢᠨ ᠬᠠᠥᠯᠢ ᠶᠢᠨ ᠡᠷᠬᠡᠳᠠᠨ ᠴᠧᠨ ᡁᠢ ᠲᠠᠨᠢᠯᠴᠠᠭᠤᠯᠤᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号