ᠮᠠᠨ ᠤ ᠤᠷᠤᠨ ᠤ 8 ᠪᠠᠭᠰᠢ ᠪᠦᠬᠦ ᠤᠯᠤᠰ ᠤᠨ ᠤᠷᠤᠯᠳᠤᠭᠠᠨ ᠳᠤ ᠰᠢᠯᠢᠳᠡᠭ ᠬᠢᠷᠢ ᠪᠦᠳᠦᠮᠵᠢ ᠤᠯᠪᠠ
ᠨᠡᠶᠢᠲᠡᠯᠡᠭᠰᠡᠨ ᠴᠠᠭ᠄
2024/10/18
     10 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠵᠢᠭᠠᠨ ᠰᠤᠷᠭᠠᠯᠲᠠ ᠪᠠ ᠤᠷ᠎ᠠ ᠴᠢᠳᠠᠪᠤᠷᠢ ᠶᠢᠨ ᠠᠵᠢᠯᠯᠠᠭ᠎ᠠ ᠭᠤᠸᠠᠩᠵᠧᠦ ᠬᠤᠳᠡ ᠳᠤ ᠶᠠᠪᠤᠭᠳᠠᠵᠤ᠂ 103 ᠶᠡᠭᠡ ᠳᠡᠭᠡᠳᠦ ᠰᠤᠷᠭᠠᠭᠤᠯᠢ ᠶᠢᠨ 214 ᠪᠡᠶ᠎ᠡ ᠶᠢᠨ ᠲᠠᠮᠢᠷ ᠤᠨ ᠪᠠᠭᠰᠢ ᠠᠵᠢᠯᠯᠠᠭ᠎ᠠ ᠳᠤ ᠣᠷᠣᠯᠴᠠᠵᠠᠢ᠃      ᠮᠠᠨ ᠤ ᠤᠷᠤᠨ ᠤ ᠰᠣᠩᠭᠤᠨ ᠲᠣᠮᠢᠯᠠᠭᠰᠠᠨ 8 ᠪᠠᠭᠰᠢ ᠪᠦᠬᠦᠨ ᠢᠶᠠᠷ ᠢᠶᠠᠨ ᠱᠠᠩᠨᠠᠯ ᠭᠥᠷᠳᠡᠵᠦ᠂ ᠭᠠᠷᠮᠠᠭᠠᠢ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ᠂ ᠰᠢᠯᠭᠠᠷᠠᠭᠰᠠᠨ ᠪᠡᠶ᠎ᠡ ᠮᠠᠬᠠᠪᠤᠳ ᠤᠨ ᠬᠡᠪ ᠴᠢᠨᠠᠷ ᠪᠠ ᠯᠠᠪᠳᠠᠭᠤᠨ ᠪᠠᠲᠤᠲᠠᠢ ᠲᠤᠰᠬᠠᠢ ᠮᠡᠷᠭᠡᠵᠢᠯ ᠤᠨ ᠴᠢᠳᠠᠪᠤᠷᠢ ᠪᠠᠷ ᠢᠶᠠᠨ ᠬᠤᠷᠴᠠ ᠰᠢᠷᠦᠭᠦᠨ ᠥᠷᠢᠰᠦᠯᠳᠦᠭᠡᠨ ᠤ ᠳᠤᠮᠳᠠ ᠨᠢᠭᠡᠳᠦᠭᠡᠷ ᠳᠡᠰ ᠤᠨ ᠱᠠᠩᠨᠠᠯ 3᠂ ᠬᠤᠶᠠᠳᠤᠭᠠᠷ ᠳᠡᠰ ᠤᠨ ᠱᠠᠩᠨᠠᠯ 2᠂ ᠭᠤᠷᠪᠠᠳᠤᠭᠠᠷ ᠳᠡᠰ ᠤᠨ ᠱᠠᠩᠨᠠᠯ 3 ᠭᠥᠷᠳᠡᠵᠦ᠂ ᠮᠠᠨ ᠤ ᠤᠷᠤᠨ ᠤ ᠤᠷᠤᠯᠳᠤᠭᠠᠨ ᠳᠤ ᠣᠷᠣᠯᠴᠠᠭᠰᠠᠨ ᠬᠠᠮᠤᠭ ᠤᠨ ᠰᠢᠯᠢᠳᠡᠭ ᠬᠢᠷᠢ ᠪᠦᠲᠦᠮᠵᠢ ᠶᠢ ᠡᠭᠦᠳᠴᠦ᠂ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠵᠣᠷᠢᠭᠲᠠᠢ ᠪᠠᠷ ᠤᠷᠤᠭᠰᠢᠯᠠᠨ ᠳᠠᠪᠰᠢᠬᠤ᠂ ᠡᠷᠡᠯᠬᠡᠭᠯᠡᠨ ᠲᠡᠮᠡᠴᠡᠬᠦ ᠵᠣᠷᠢᠭ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠪᠠᠳᠠᠷᠠᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠢᠯᠡᠷᠡᠭᠦᠯᠪᠡ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号