2025 ᠣᠨ ᠤ ᠮᠠᠨ ᠤ ᠤᠷᠤᠨ ᠤ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠳᠤ ︽3+1+2︾ ᠵᠠᠭᠪᠤᠷ ᠢ ᠬᠡᠷᠡᠭᠵᠢᠭᠦᠯᠵᠦ ᠨᠡᠷ᠎ᠡ ᠮᠡᠳᠡᠭᠦᠯᠬᠦ ᠠᠵᠢᠯ 10 ᠰᠠᠷ᠎ᠠ ᠶᠢᠨ 21 ᠤ ᠡᠳᠦᠷ ᠠᠴᠠ ᠡᠬᠢᠯᠡᠨ᠎ᠡ
ᠨᠡᠶᠢᠲᠡᠯᠡᠭᠰᠡᠨ ᠴᠠᠭ᠄
2024/10/22
      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠣᠷᠣᠭᠴᠢ ᠡᠯᠰᠡᠬᠦ ᠰᠢᠯᠭᠠᠯᠲᠠ ᠶᠢᠨ ᠵᠦᠪᠯᠡᠯ ᠤᠨ ᠠᠯᠪᠠᠨ ᠭᠡᠷ ︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ ︾ ᠢ ᠳᠠᠷᠤᠮᠠᠯᠯᠠᠨ ᠲᠠᠷᠬᠠᠭᠠᠵᠤ᠂ 2025 ᠣᠨ ᠤ ᠥᠪᠥᠷ ᠮᠣᠩᠭᠤᠯ ᠤᠨ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ ᠢ 2024 ᠣᠨ ᠤ 10 ᠰᠠᠷ᠎ᠠ ᠶᠢᠨ 21 ᠤ ᠡᠳᠦᠷ ᠤᠨ 9᠄ 00 ᠴᠠᠭ ᠲᠤ ᠡᠬᠢᠯᠡᠭᠦᠯᠵᠦ᠂ 2024 ᠣᠨ ᠤ 11 ᠰᠠᠷ᠎ᠠ ᠶᠢᠨ 1 ᠤ ᠡᠳᠦᠷ ᠤᠨ 18᠄ 00 ᠴᠠᠭ ᠲᠤ ᠳᠠᠭᠤᠰᠬᠠᠬᠤ ᠪᠠᠷ ᠲᠣᠭᠲᠠᠪᠠ᠃      ᠣᠶᠢᠯᠠᠭᠠᠭᠰᠠᠨ ᠢᠶᠠᠷ᠂ 2025 ᠣᠨ ᠤ ᠮᠠᠨ ᠤ ᠤᠷᠤᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠨᠠᠮᠤᠷ ᠤᠨ ᠤᠯᠠᠷᠢᠯ ᠤᠨ ᠨᠢᠭᠡᠳᠦᠯᠲᠡᠢ ᠰᠢᠯᠭᠠᠯᠲᠠ ︵ᠪᠠᠭᠠᠴᠤᠳ ᠤᠨ ᠠᠩᠭᠢ᠂ ᠣᠨᠴᠠᠭᠠᠶ ᠣᠷᠦ᠋ᠢᠯᠠᠭᠰᠠᠨ ᠴᠢᠳᠠᠪᠤᠷᠢᠲᠠᠨ ᠢ ᠰᠢᠯᠢᠨ ᠰᠣᠩᠭᠤᠬᠤ ᠲᠤᠷᠰᠢᠯᠲᠠ ᠶᠢᠨ ᠴᠡᠭ ᠪᠠᠭᠲᠠᠨ᠎ᠠ︶ ᠳᠤ ︽3+1+2︾ ᠤᠨ ᠵᠠᠭᠪᠤᠷ ᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠢᠴᠢᠶᠡᠯ ᠲᠥᠷᠥᠯ ᠪᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠣᠩᠭᠤᠯᠲᠠ ᠶᠢᠨ ᠴᠢᠨᠠᠷᠲᠠᠢ ᠰᠢᠯᠭᠠᠯᠲᠠ ᠶᠢᠨ ᠬᠢᠴᠢᠶᠡᠯ ᠲᠥᠷᠥᠯ ᠢᠶᠠᠷ ᠪᠦᠷᠢᠯᠳᠦᠨ᠎ᠡ᠃ ᠡᠭᠦᠨ ᠳᠤ᠂ ︽3︾ ᠨᠢ ᠪᠥᠬᠦ ᠤᠯᠤᠰ ᠤᠨ ᠨᠢᠭᠡᠳᠦᠯᠲᠡᠢ ᠰᠢᠯᠭᠠᠬᠤ ᠬᠢᠴᠢᠶᠡᠯ ᠤᠨ ᠬᠡᠯᠡ ᠪᠢᠴᠢᠭ ᠂ ᠲᠣᠭᠠᠨ ᠤ ᠤᠬᠠᠭᠠᠨ᠂ ᠭᠠᠳᠠᠭᠠᠳᠤ ᠬᠡᠯᠡ ᠪᠣᠯᠣᠨ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠭᠡᠵᠦ ᠬᠤᠪᠢᠶᠠᠬᠤ ᠦᠭᠡᠢ᠂ ᠪᠣᠶ ᠪᠦᠬᠦᠢ ᠰᠢᠯᠭᠠᠭᠤᠯᠤᠭᠴᠢ ᠵᠠᠪᠠᠯ ᠰᠢᠯᠭᠠᠨ᠎ᠠ︔ ︽1︾ ᠪᠠ ︽2︾ ᠨᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠣᠩᠭᠤᠯᠲᠠ ᠶᠢᠨ ᠴᠢᠨᠠᠷᠲᠠᠢ ᠰᠢᠯᠭᠠᠯᠲᠠ ᠶᠢᠨ ᠬᠢᠴᠢᠶᠡᠯ ᠲᠥᠷᠥᠯ ᠪᠣᠯᠣᠨ᠎ᠠ᠃ ︽1︾ ᠨᠢ ᠲᠡᠷᠢᠭᠦᠨ ᠰᠣᠩᠭᠤᠬᠤ ᠬᠢᠴᠢᠶᠡᠯ ᠲᠥᠷᠥᠯ ᠪᠣᠯᠣᠨ᠎ᠠ᠂ ᠰᠢᠯᠭᠠᠭᠤᠯᠤᠭᠴᠢ ᠡᠷᠬᠡᠪᠰᠢ ᠹᠢᠽᠢᠺ᠂ ᠲᠡᠦᠬᠡ ᠶᠢᠨ ᠬᠢᠴᠢᠶᠡᠯ ᠲᠥᠷᠥᠯ ᠤᠨ ᠳᠣᠲᠣᠷ᠎ᠠ ᠠᠴᠠ 1 ᠬᠢᠴᠢᠶᠡᠯ ᠢ ᠰᠣᠩᠭᠤᠬᠤ ᠬᠡᠷᠡᠭᠲᠡᠢ ᠪᠥᠭᠡᠳ ᠵᠥᠪᠬᠡᠨ 1 ᠬᠢᠴᠢᠶᠡᠯ ᠲᠦᠷᠦᠯ ᠢ ᠰᠣᠩᠭᠤᠵᠤ ᠪᠣᠯᠣᠨ᠎ᠠ︔ ︽2︾ ᠨᠢ ᠳᠠᠬᠢᠨ ᠰᠣᠩᠭᠤᠬᠤ ᠬᠢᠴᠢᠶᠡᠯ ᠲᠥᠷᠥᠯ ᠪᠠᠶᠢᠵᠤ᠂ ᠰᠢᠯᠭᠠᠭᠤᠯᠤᠭᠴᠢ ᠦᠵᠡᠯ ᠰᠠᠨᠠᠭ᠎ᠠ ᠤᠯᠤᠰ ᠲᠥᠷᠥ᠂ ᠭᠠᠵᠠᠷ ᠵᠦᠢ᠂ ᠬᠢᠮᠢ᠂ ᠠᠮᠢᠳᠤ ᠪᠣᠳᠠᠰ ᠤᠨ ᠤᠬᠠᠭᠠᠨ ᠤ ᠬᠢᠴᠢᠶᠡᠯ ᠲᠥᠷᠥᠯ ᠤᠨ ᠳᠣᠲᠣᠷ᠎ᠠ ᠠᠴᠠ 2 ᠬᠢᠴᠢᠶᠡᠯ ᠲᠥᠷᠥᠯ ᠢ ᠰᠣᠩᠭᠤᠵᠤ ᠰᠢᠯᠭᠠᠬᠤ ᠪᠥᠭᠡᠳ ᠵᠥᠪᠬᠡᠨ 2 ᠬᠢᠴᠢᠶᠡᠯ ᠲᠥᠷᠥᠯ ᠢ ᠨᠢ ᠰᠣᠩᠭᠤᠵᠤ ᠪᠣᠯᠣᠨ᠎ᠠ᠃ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠳᠤ ᠣᠷᠣᠯᠴᠠᠬᠤ ᠰᠢᠯᠭᠠᠭᠤᠯᠤᠭᠴᠢ ᠴᠥᠮ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠣᠰᠣᠭᠠᠷ ᠵᠣᠬᠢᠴᠠᠩᠭᠤᠢ ᠬᠢᠴᠢᠶᠡᠯ ᠲᠥᠷᠥᠯ ᠤᠨ ᠰᠢᠯᠭᠠᠯᠲᠠ ᠳᠤ ᠣᠷᠣᠯᠴᠠᠬᠤ ᠬᠡᠷᠡᠭᠲᠡᠢ᠂ ᠪᠡᠶ᠎ᠡ ᠶᠢᠨ ᠲᠠᠮᠢᠷ ᠤᠨ ᠲᠥᠷᠥᠯ᠂ ᠤᠷᠠᠯᠢᠭ ᠤᠨ ᠲᠥᠷᠥᠯ ᠵᠡᠷᠭᠡ ᠲᠤᠰᠬᠠᠢ ᠮᠡᠷᠭᠡᠵᠢᠯ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠪᠠᠰᠠ ᠡᠷᠬᠡᠪᠰᠢ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠵᠣᠬᠢᠴᠠᠩᠭᠤᠢ ᠲᠤᠰᠬᠠᠢ ᠮᠡᠷᠭᠡᠵᠢᠯ ᠤᠨ ᠰᠢᠯᠭᠠᠯᠲᠠ ᠳᠤ ᠣᠷᠣᠯᠴᠠᠨ᠎ᠠ᠃      ᠮᠡᠳᠡᠭᠳᠡᠯ ᠳᠤ᠂ 2025 ᠣᠨ ᠤ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠨᠡᠷ᠎ᠡ ᠮᠡᠳᠡᠭᠦᠯᠬᠦ ᠪᠠᠷ ᠭᠤᠶᠤᠴᠢᠯᠠᠬᠤ ᠪᠣᠶ ᠪᠦᠬᠦᠢ ᠬᠥᠮᠥᠰ ᠡᠷᠬᠡᠪᠰᠢ 2024 ᠣᠨ ᠤ 10 ᠰᠠᠷ᠎ᠠ ᠶᠢᠨ 21 ᠤ ᠡᠳᠦᠷ ᠠᠴᠠ 11 ᠰᠠᠷ᠎ᠠ ᠶᠢᠨ 1 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠤᠨ ᠰᠢᠯᠭᠠᠭᠤᠯᠤᠭᠴᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠭᠠᠷᠴᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠨᠡᠷ᠎ᠡ ᠮᠡᠳᠡᠭᠦᠯᠬᠦ ᠬᠢᠷᠢ ᠬᠡᠮ ᠢ ᠬᠢᠨᠠᠨ ᠬᠠᠷᠭᠤᠭᠤᠯᠬᠤ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠪᠠ ᠲᠤᠬᠠᠢ ᠶᠢᠨ ᠲᠠᠯᠠᠪᠤᠷ ᠲᠤ ᠨᠤᠲᠠᠯᠠᠬᠤ ᠵᠡᠷᠭᠡ ᠨᠡᠷ᠎ᠡ ᠮᠡᠳᠡᠭᠦᠯᠬᠦ ᠭᠠᠷ ᠭᠦᠢᠴᠡᠳᠬᠡᠯ ᠢ ᠬᠢᠵᠦ ᠳᠠᠭᠤᠰᠬᠠᠬᠤ ᠬᠡᠷᠡᠭᠲᠡᠢ᠂ ᠬᠤᠭᠤᠴᠠᠭ᠎ᠠ ᠠᠴᠠ ᠬᠡᠲᠦᠷᠡᠪᠡᠯ ᠭᠥᠯᠢᠶᠡᠨ ᠠᠪᠴᠤ ᠰᠶᠢᠳᠪᠦᠷᠢᠯᠡᠬᠦ ᠦᠭᠡᠢ ᠬᠡᠵᠦ ᠳᠤᠳᠤᠷᠬᠠᠶᠢᠯᠠᠪᠠ᠃     ᠮᠡᠳᠡᠭᠳᠡᠯ ᠳᠤ᠂ ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ᠂ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠶᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠡᠷᠦᠬᠡ ᠠᠮᠠ ᠶᠢᠨ ᠬᠠᠷᠢᠶ᠎ᠠ ᠶᠢᠨ ᠮᠡᠳᠡᠭᠡ ᠵᠠᠩᠭᠢ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠭᠠᠶᠢᠯᠢ ᠲᠤᠰᠢᠶᠠᠭᠰᠠᠨ ᠮᠡᠳᠡᠭᠡ ᠵᠠᠩᠭᠢ ᠵᠡᠷᠭᠡ ᠲᠠᠢ ᠬᠠᠷᠭᠤᠭᠤᠯᠤᠨ ᠰᠢᠯᠭᠠᠵᠤ᠂ ᠬᠤᠳᠠᠯ ᠬᠠᠭᠤᠷᠮᠠᠭ ᠬᠤᠪᠢ ᠬᠥᠮᠥᠨ ᠤ ᠮᠡᠳᠡᠭᠡ ᠵᠠᠩᠭᠢ ᠶᠢ ᠬᠠᠩᠭᠠᠭᠰᠠᠨ᠂ ᠬᠤᠳᠠᠯ ᠬᠠᠭᠤᠷᠮᠠᠭ ᠨᠡᠷ᠎ᠡ ᠮᠡᠳᠡᠭᠦᠯᠬᠦ ᠮᠠᠲ᠋ᠧᠷᠢᠶᠠᠯ ᠢᠶᠠᠷ ᠨᠡᠷ᠎ᠡ ᠮᠡᠳᠡᠭᠦᠯᠬᠦ ᠬᠢᠷᠢ ᠬᠡᠮ ᠣᠯᠣᠭᠰᠠᠨ᠂ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠬᠦ ᠦᠭᠡᠢ ᠪᠣᠯᠪᠠᠴᠤ ᠵᠢᠩᠬᠢᠨᠢ ᠪᠠᠷ ᠨᠡᠷ᠎ᠡ ᠮᠡᠳᠡᠭᠦᠯᠦᠭᠰᠡᠨ᠂ ᠪᠠᠶᠢᠴᠠᠭᠠᠨ ᠲᠣᠳᠣᠯᠠᠭᠰᠠᠨ ︽ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠲᠠ ᠶᠢᠨ ᠨᠡᠭᠦᠳᠡᠯ ᠠᠷᠠᠳ︾ ᠵᠡᠷᠭᠡ ᠰᠢᠯᠭᠠᠭᠤᠯᠤᠭᠰᠠᠳ ᠢ ᠰᠢᠯᠭᠠᠯᠲᠠ ᠠᠴᠠ ᠡᠮᠦᠨ᠎ᠡ ᠪᠠᠶᠢᠴᠠᠭᠠᠨ ᠲᠣᠳᠣᠯᠠᠭᠰᠠᠨ ᠪᠠᠶᠢᠪᠠᠯ᠂ ᠨᠡᠷ᠎ᠡ ᠮᠡᠳᠡᠭᠦᠯᠬᠦ ᠬᠢᠷᠢ ᠬᠡᠮ ᠪᠠ ᠰᠢᠯᠭᠠᠯᠳᠠ ᠳᠤ ᠤᠷᠤᠯᠴᠠᠬᠤ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ ᠰᠢᠯᠭᠠᠯᠲᠠ ᠶᠢᠨ ᠳᠠᠷᠠᠭ᠎ᠠ ᠪᠠᠶᠢᠴᠠᠭᠠᠨ ᠲᠣᠳᠣᠯᠠᠭᠰᠠᠨ ᠪᠠᠶᠢᠪᠠᠯ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠬᠡᠳᠦᠯᠳᠡᠢ ᠰᠢᠯᠭᠠᠯᠲᠠ ᠶᠢᠨ ᠬᠢᠷᠢ ᠪᠦᠲᠦᠮᠵᠢ ᠪᠠ ᠡᠯᠰᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ ᠡᠯᠰᠡᠭᠳᠡᠭᠰᠡᠨ ᠤ ᠳᠠᠷᠠᠭ᠎ᠠ ᠪᠠᠶᠢᠴᠠᠭᠠᠨ ᠲᠣᠳᠣᠯᠠᠭᠰᠠᠨ ᠪᠠᠶᠢᠪᠠᠯ ᠰᠤᠷᠭᠠᠭᠤᠯᠢ ᠳᠤ ᠤᠷᠤᠬᠤ ᠬᠢᠷᠢ ᠬᠡᠮ ᠢ ᠨᠢ ᠬᠦᠴᠦᠨ ᠦᠭᠡᠢ ᠪᠣᠯᠭᠠᠵᠤ᠂ ᠨᠢᠭᠡᠨᠲᠡ ᠰᠤᠷᠭᠠᠭᠤᠯᠢ ᠳᠤ ᠰᠤᠷᠤᠯᠴᠠᠭᠰᠠᠨ ᠪᠠᠶᠢᠪᠠᠯ ᠰᠤᠷᠭᠠᠭᠤᠯᠢ ᠶᠢᠨ ᠬᠠᠷᠢᠶ᠎ᠠ ᠶᠢ ᠨᠢ ᠬᠦᠴᠦᠨ ᠦᠭᠡᠢ ᠪᠣᠯᠭᠠᠬᠤ ᠶᠢᠨ ᠬᠠᠮᠲᠤ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠡᠯ᠎ᠡ ᠲᠥᠷᠥᠯ ᠤᠨ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠳᠤ 1-3 ᠵᠢᠯ ᠣᠷᠣᠯᠴᠠᠬᠤ ᠶᠢ ᠨᠢ ᠲᠦᠷ ᠵᠣᠭᠰᠤᠭᠠᠬᠤ ᠪᠠᠷ ᠰᠶᠢᠳᠪᠦᠷᠢᠯᠡᠨ᠎ᠡ᠃ ᠲᠣᠰ ᠲᠣᠭᠲᠠᠭᠠᠯ ᠢ ᠵᠥᠷᠢᠴᠡᠭᠰᠡᠨ ᠮᠡᠳᠡᠭᠡ ᠵᠠᠩᠭᠢ ᠶᠢ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠪᠠ ︽ᠬᠤᠶᠠᠷ ᠢ ᠵᠠᠷᠯᠠᠨ ᠨᠡᠶᠢᠲᠡᠯᠡᠬᠦ︾ ᠮᠡᠳᠡᠭᠡ ᠵᠠᠩᠭᠢ ᠶᠢᠨ ᠰᠢᠰᠲ᠋ᠧᠮ ᠳᠤ ᠲᠡᠮᠳᠡᠭᠯᠡᠵᠦ ᠣᠷᠣᠭᠤᠯᠣᠨ᠎ᠠ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号