ᠬᠥᠬᠦᠨ ᠪᠤᠯᠴᠢᠷᠬᠠᠢ ᠶᠢᠨ ᠥᠮᠡᠨ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠶ᠎ᠠ
ᠨᠡᠶᠢᠲᠡᠯᠡᠭᠰᠡᠨ ᠴᠠᠭ᠄
2024/10/28
     ᠵᠢᠯ ᠪᠦᠷᠢ ᠶᠢᠨ 10 ᠰᠠᠷ᠎ᠠ ᠪᠣᠯ ᠳᠡᠯᠡᠬᠡᠢ ᠶᠢᠨ ︽ᠬᠥᠬᠦᠨ ᠪᠤᠯᠴᠢᠷᠬᠠᠢ ᠶᠢᠨ ᠥᠮᠡᠨ ᠢ ᠰᠡᠷᠭᠡᠶᠢᠯᠡᠨ ᠵᠠᠰᠠᠬᠤ ᠰᠠᠷ᠎ᠠ︾ ᠪᠤᠯᠤᠨ᠎ᠠ᠃ ᠣᠶᠢᠷ᠎ᠠ ᠶᠢᠨ ᠵᠢᠯ ᠳᠤ᠂ ᠪᠥᠬᠦ ᠳᠡᠯᠡᠬᠡᠢ ᠶᠢᠨ ᠬᠥᠬᠦᠨ ᠪᠤᠯᠴᠢᠷᠬᠠᠢ ᠶᠢᠨ ᠥᠮᠡᠨ ᠤ ᠡᠪᠡᠳᠴᠢᠯᠡᠬᠦ ᠨᠣᠷᠮ᠎ᠠ ᠢᠮᠠᠭᠲᠠ ᠥᠨᠳᠥᠷ ᠪᠠᠶᠢᠵᠦ᠂ ᠬᠥᠬᠦᠨ ᠪᠤᠯᠴᠢᠷᠬᠠᠢ ᠶᠢᠨ ᠥᠮᠡᠨ ᠨᠢ ᠡᠮᠡᠭᠲᠡᠢ ᠶᠢᠨ ᠬᠤᠣᠷᠲᠤ ᠬᠠᠪᠤᠳᠠᠷ ᠢᠶᠠᠷ ᠡᠪᠡᠳᠴᠢᠯᠡᠬᠦ ᠨᠣᠷᠮ᠎ᠠ ᠶᠢᠨ ᠲᠡᠷᠢᠭᠦᠨ ᠳᠤ ᠵᠢᠭᠰᠠᠭᠠᠭᠳᠠᠵᠠᠢ᠃     ᠡᠨᠡ ᠵᠢᠯ ᠤᠨ ᠳᠡᠯᠡᠬᠡᠢ ᠶᠢᠨ ᠥᠮᠡᠨ ᠡᠪᠡᠳᠴᠢᠨ ᠤ ᠣᠯᠠᠨ ᠤᠯᠤᠰ ᠤᠨ ᠰᠤᠳᠤᠯᠭᠠᠨ ᠤ ᠲᠥᠪ ᠤᠨ ᠨᠡᠶᠢᠲᠡᠯᠡᠭᠰᠡᠨ ᠪᠥᠬᠦ ᠳᠡᠯᠡᠬᠡᠢ ᠶᠢᠨ ᠬᠥᠬᠦᠨ ᠪᠤᠯᠴᠢᠷᠬᠠᠢ ᠶᠢᠨ ᠥᠮᠡᠨ ᠳᠤ ᠨᠡᠷᠪᠡᠭᠳᠡᠭᠰᠡᠳ 230 ᠲᠦᠮᠡ ᠪᠠᠶᠢᠵᠤ᠂ ᠮᠠᠨ ᠤ ᠤᠯᠤᠰ ᠲᠤ 35.7 ᠲᠦᠮᠡ ᠪᠠᠶᠢᠨ᠎ᠠ᠃      ᠬᠥᠬᠦᠨ ᠪᠤᠯᠴᠢᠷᠬᠠᠢ ᠶᠢᠨ ᠥᠮᠡᠨ ᠤ ᠡᠪᠡᠳᠴᠢᠯᠡᠬᠦ ᠨᠣᠷᠮ᠎ᠠ ᠨᠢ ᠬᠡᠳᠤᠶᠢᠪᠡᠷ ᠬᠡᠳᠦᠪᠡᠷ ᠥᠨᠳᠥᠷ ᠰᠢᠭ ᠪᠣᠯᠪᠠᠴᠤ ᠡᠬᠢᠨ ᠤ ᠬᠤᠭᠤᠴᠠᠭᠠᠨ ᠳᠤ ᠡᠷᠳᠡᠬᠡᠨ ᠢᠯᠡᠷᠡᠬᠦᠯᠪᠡᠯ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠬᠦ ᠳᠤ ᠰᠶᠢᠳᠪᠦᠷᠢᠯᠡᠬᠦ ᠴᠢᠨᠠᠷᠲᠠᠢ ᠦᠢᠯᠡᠳᠦᠯ ᠦᠵᠡᠭᠦᠯᠦᠨ᠎ᠡ᠃ ᠣᠳᠣᠬᠠᠨ ᠳᠤ ᠬᠥᠬᠦᠨ ᠪᠤᠯᠴᠢᠷᠬᠠᠢ ᠶᠢᠨ ᠥᠮᠡᠨ ᠢ ᠡᠮᠨᠡᠨ ᠵᠠᠰᠠᠬᠤ ᠠᠷᠭ᠎ᠠ ᠪᠠᠷᠢᠯ ᠤᠯᠠᠨ ᠪᠠᠶᠢᠵᠤ᠂ ᠵᠠᠩᠭᠢᠯᠠᠭ᠎ᠠ ᠨᠢ ︽ᠡᠷᠲᠡ ᠢᠯᠡᠷᠡᠬᠦᠯᠵᠦ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ︾ ᠳᠤ ᠪᠣᠢ᠃      ᠹᠦᠳᠠᠨ ᠶᠡᠭᠡ ᠰᠤᠷᠭᠠᠭᠤᠯᠢ ᠶᠢᠨ ᠬᠠᠷᠢᠶᠠᠲᠤ ᠬᠠᠪᠤᠳᠠᠷ ᠤᠨ ᠡᠮᠨᠡᠯᠭᠡ ᠶᠢᠨ ᠬᠤᠷᠢᠶᠠᠨ ᠤ ᠬᠥᠬᠦᠨ ᠪᠤᠯᠴᠢᠷᠬᠠᠢ ᠶᠢᠨ ᠭᠠᠳᠠᠷ ᠰᠠᠯᠠᠭᠠᠨ ᠤ ᠡᠷᠬᠢᠯᠡᠭᠴᠢ ᠱᠣᠤ ᡁᠢ ᠮᠢᠨ᠄ ︽40 ᠨᠠᠰᠤᠨ ᠠᠴᠠ ᠳᠡᠭᠡᠭᠰᠢᠬᠢ ᠡᠮᠡᠭᠲᠡᠶᠢᠴᠦᠳ ᠵᠢᠯ ᠪᠦᠷᠢ ᠨᠢᠭᠡ ᠤᠳᠠᠭ᠎ᠠ ᠪᠡᠶ᠎ᠠ ᠶᠢᠨ ᠪᠠᠶᠢᠴᠠᠭᠠᠯᠳᠡ ᠬᠢᠪᠡᠯ ᠵᠤᠬᠢᠨ᠎ᠠ᠃ ᠪᠣᠶ ᠪᠦᠬᠦᠢ ᠮᠠᠲ᠋ᠧᠷᠢᠶᠠᠯ ᠳᠤ ᠢᠯᠡᠷᠡᠭᠦᠯᠦᠭᠰᠡᠨ ᠢᠶᠠᠷ᠂ ᠰᠢᠭᠰᠢᠨ ᠪᠠᠶᠢᠴᠠᠭᠠᠯᠲᠠ ᠠᠴᠠ ᠣᠯᠵᠤ ᠮᠡᠳᠡᠭᠰᠡᠨ ᠬᠥᠬᠦᠨ ᠪᠤᠯᠴᠢᠷᠬᠠᠢ ᠶᠢᠨ ᠥᠮᠡᠨ ᠨᠢ ᠰᠢᠭᠰᠢᠨ ᠪᠠᠶᠢᠴᠠᠭᠠᠯᠲᠠ ᠠᠴᠠ ᠣᠯᠵᠤ ᠮᠡᠳᠡᠭᠰᠡᠨ ᠦᠭᠡᠢ ᠬᠥᠬᠦᠨ ᠪᠤᠯᠴᠢᠷᠬᠠᠢ ᠶᠢᠨ ᠥᠮᠡᠨ ᠤ ᠦᠬᠦᠯᠳᠡ ᠶᠢᠨ ᠨᠣᠷᠮ᠎ᠠ ᠶᠢ 30% ᠪᠠᠷ ᠪᠠᠭᠤᠷᠠᠭᠤᠯᠤᠨ᠎ᠠ︾ ᠬᠡᠵᠡᠢ᠃
 
ᠢᠷᠡᠯᠲᠡ᠄ ᠬᠦᠯᠦᠭ ᠰᠢᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号